ᠳᠠᠯᠠᠳ ᠬᠤᠰᠢᠭᠤ᠄ ᠣᠶᠣᠨᠴᠢᠯᠠᠬᠰᠠᠨ‌ᠠᠷᠭ᠎ᠠ ᠠᠪᠴᠢᠯ ᠢᠶᠠᠷ ︽ᠬᠤᠯᠢᠰᠢᠨ ᠢᠳᠡᠭᠡᠨ︾  ᠤ ᠵᠠᠬ᠎ᠠ ᠳᠡᠯᠭᠡᠭᠦᠷ  ᠳᠤ ︽ᠪᠠᠶᠠᠷ ᠪᠠᠭ᠋ᠠᠲᠤᠯ︾  ᠨᠡᠮᠡᠭᠳᠡᠭᠦᠯᠪᠡ
ᠨᠡᠶᠢᠲᠡᠯᠡᠭᠰᠡᠨ ᠴᠠᠭ᠄
2025/1/9
     ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠬᠦᠮᠦᠰ ᠤᠨ ᠠᠮᠢᠳᠤᠷᠠᠯ ᠳᠤ ᠪᠠᠶᠠᠷ ᠵᠢᠷᠭᠠᠯ ᠠᠪᠴᠢᠷᠠᠳᠠᠭ ᠭᠠᠵᠠᠷ ᠪᠠᠶᠢᠳᠠᠭ ᠂ ᠠᠷᠠᠳ ᠣᠯᠠᠨ ᠤ ᠠᠮᠢᠳᠤᠷᠠᠯ ᠲᠠᠢ ᠬᠠᠮᠤᠭ ᠤᠨ ᠣᠶᠢᠷᠠᠬᠠᠨ ᠪᠠᠶᠢᠳᠠᠭ᠃ ᠲᠦᠭ ᠲᠦᠮᠡᠨ ᠠᠶᠢᠯ ᠡᠷᠦᠬᠡ ᠶᠢᠨ ︽ᠬᠤᠯᠢᠰᠢᠨ ᠢᠳᠡᠭᠡᠨ︾  ᠤ ᠵᠠᠭ᠎ᠠ ᠲᠡᠯᠭᠡᠭᠦᠷ ᠤᠨ ᠬᠤᠪᠢ ᠳᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠷᠢᠭᠤᠨ ᠴᠡᠪᠡᠷ᠂ ᠪᠠᠷᠠᠭ᠎ᠠ ᠬᠤᠳᠠᠯᠳᠤᠨ ᠠᠪᠬᠤ ᠳᠤ ᠲᠥᠬᠦᠮ  ᠂ ᠰᠠᠨᠠᠭ᠎ᠠ ᠠᠮᠤᠷ  ᠪᠤᠯᠤᠬᠰᠠᠨ ᠪᠠᠶᠢᠨ᠎ᠠ ᠃ ᠳᠠᠯᠠᠳ ᠬᠤᠰᠢᠭᠤᠨ ᠤ ᠠᠩᠬᠠᠳᠠᠭᠴᠢ ᠣᠶᠤᠨᠴᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ 2024 ᠣᠨ ᠤ 11 ᠰᠠᠷ᠎ᠠ ᠶᠢᠨ 14 ᠤ ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠨ ᠡᠵᠡᠩᠨᠡᠵᠦ᠂ ᠨᠢᠭᠡᠨᠲᠡ ᠰᠠᠷ᠎ᠠ ᠭᠠᠷᠤᠢ ᠪᠤᠯᠤᠭᠰᠠᠨ ᠪᠠᠶᠢᠨ᠎ᠠ᠃ 2024 ᠣᠨ ᠤ ᠳᠠᠯᠠᠳ ᠬᠤᠰᠢᠭᠤᠨ ᠤ ᠠᠷᠠᠳ ᠤᠨ ᠠᠮᠢᠳᠤᠷᠠᠯ ᠤᠨ ᠠᠷᠪᠠᠨ ᠶᠡᠭᠡ ᠪᠣᠳᠠᠲᠤ ᠶᠠᠪᠤᠳᠠᠯ ᠤᠨ ᠲᠥᠷᠥᠯ  ᠵᠦᠢᠯ ᠤᠨ ᠨᠢᠭᠡ ᠪᠣᠯᠤᠭᠰᠠᠨ ᠤ ᠬᠤᠪᠢ ᠳᠤ᠂ ᠣᠶᠤᠨᠴᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠤᠶᠤᠨᠴᠢᠯᠠᠭᠰᠠᠨ ᠬᠠᠮᠢᠶᠠᠷᠤᠯᠲᠠ ᠪᠠ ᠦᠢᠯᠡᠴᠢᠯᠡᠭᠡ ᠳᠤ ᠲᠦᠰᠢᠭᠯᠡᠨ᠂ ᠣᠯᠠᠨ ᠲᠦᠮᠡᠨ ᠳᠤ ᠰᠢᠨ᠎ᠡ ᠪᠠᠷᠠᠭ᠎ᠠ ᠬᠤᠳᠠᠯᠳᠤᠨ ᠠᠪᠬᠤ ᠥᠩᠭᠡᠷᠡᠯᠲᠡ ᠪᠠ ᠦᠨᠡᠨ ᠪᠣᠳᠠᠲᠠᠶ ᠲᠥᠬᠦᠮ ᠦᠵᠡᠭᠦᠯᠪᠡ᠃
达拉特旗:智慧赋能“菜篮子” 提升市场“烟火气”.jpg
    ᠣᠶᠢᠷ᠎ᠠ ᠳᠤ᠂ ᠳᠠᠯᠠᠳ ᠬᠤᠰᠢᠭᠤᠨ ᠤ ᠣᠶᠤᠨᠴᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠩᠬᠠᠳᠤᠭᠠᠷ ᠬᠤᠭᠤᠴᠠᠭᠠᠨ ᠤ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠤᠨ ᠡᠳᠦᠷ ᠪᠣᠯᠵᠠᠢ᠂ ᠰᠤᠷᠪᠤᠯᠵᠢᠯᠠᠭᠴᠢ ᠣᠶᠤᠨᠴᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠬᠤ ᠳᠤ᠂ ᠵᠠᠬ᠎ᠠ ᠳᠡᠯᠭᠡᠭᠦᠷ ᠲᠤ ᠳ᠋ᠧᠩᠯᠦ ᠭᠢᠯᠠᠯᠵᠠᠵᠤ᠂ ᠤᠯᠠᠭᠠᠨ ᠳ᠋ᠧᠩᠯᠦ ᠪᠠ ᠪᠠᠶᠠᠷ ᠳᠤᠷᠠᠰᠬᠠᠯ ᠤᠨ ᠴᠢᠮᠡᠭᠯᠡᠯ ᠢᠶᠠᠷ ᠳᠦᠭᠦᠷᠴᠦ᠂ ᠬᠦᠷ ᠬᠥᠭᠵᠢᠶᠡᠨ ᠲᠠᠢ ᠠᠭᠤᠷ ᠠᠮᠢᠰᠬᠤᠯ ᠢ ᠪᠣᠶ ᠪᠣᠯᠭᠠᠪᠠ᠃ ᠴᠡᠪᠡᠷ ᠴᠡᠮᠴᠡᠭᠡᠷ ᠡᠮᠬᠢ ᠵᠢᠷᠤᠮ ᠲᠠᠢ ᠳᠡᠯᠭᠡᠭᠡ ᠮᠠᠶᠢᠮᠠᠶ ᠶᠢᠨ ᠣᠷᠣ ᠳᠡᠭᠡᠷ᠎ᠡ ᠨᠢᠳᠦ ᠳᠦᠭᠦᠷᠡᠩ ᠲᠠᠸᠠᠷ ᠲᠠᠯᠪᠢᠵᠤ᠂ ᠳᠡᠯᠭᠡᠭᠡ ᠮᠠᠶᠢᠮᠠᠶ ᠶᠢᠨ ᠪᠠᠶᠢᠷᠢ ᠨᠢᠭᠡᠪᠦᠷᠢ ᠳᠤ ᠴᠥᠮ ᠣᠶᠤᠨᠴᠢ ᠳᠡᠯᠭᠡᠴᠡ ᠶᠢ ᠳᠣᠭᠢᠷᠠᠭᠤᠯᠵᠤ᠂ ᠲᠠᠸᠠᠷ ᠤᠨ ᠭᠠᠷᠤᠯᠲᠠ ᠶᠢᠨ ᠭᠠᠵᠠᠷ᠂ ᠦᠨ᠎ᠡ ᠬᠠᠩᠰᠢ᠂ ᠢᠳᠡᠭᠡᠨ ᠤ ᠠᠮᠤᠷ ᠲᠦᠪᠰᠢᠨ ᠤ ᠰᠢᠯᠭᠠᠨ ᠪᠠᠶᠢᠴᠠᠭᠠᠯᠲᠠ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠪᠲᠡᠷᠡᠭᠦᠯᠪᠡ᠃    ᠣᠶᠢᠯᠠᠭᠠᠭᠰᠠᠨ ᠢᠶᠠᠷ᠂ ᠣᠶᠤᠨᠴᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠨᠡᠶᠢᠲᠡ 36 ᠳᠡᠯᠭᠡᠭᠦᠷ ᠪᠣᠶ᠂ ᠣᠲᠣ ᠪᠣᠯᠲᠠᠯ᠎ᠠ᠂ ᠨᠢᠭᠡᠨᠲᠡ 33 ᠬᠤᠳᠠᠯᠳᠤᠭᠠᠴᠢᠨ ᠣᠷᠣᠵᠤ ᠰᠠᠭᠤᠭᠰᠠᠨ ᠨᠣᠷᠮ᠎ᠠ ᠨᠢ 91% ᠳᠤ ᠬᠦᠷᠴᠦ᠂ ᠦᠬᠡᠷ  ᠂  ᠬᠤᠨᠢ᠂ ᠭᠠᠭ᠋ᠠᠶ ᠶᠢᠨ ᠮᠢᠬ᠎ᠠ᠂ ᠵᠢᠮᠢᠰ᠂ ᠢᠳᠡᠰᠢᠨ ᠨᠣᠭᠤᠭ᠎ᠠ᠂ ᠠᠮᠤ ᠲᠣᠰᠣ  ᠂ ᠬᠤᠯᠢᠰᠢᠨ ᠢᠳᠡᠭᠡᠨ᠂ ᠠᠮᠲᠠ ᠣᠷᠣᠭᠤᠯᠬᠤ ᠡᠳ᠋᠂ ᠪᠣᠯᠭᠤᠭᠰᠠᠨ ᠢᠳᠡᠭᠡᠨ᠂ ᠪᠤᠷᠴᠠᠭ ᠤᠨ ᠪᠦᠲᠦᠭᠡᠭᠳᠡᠬᠦᠨ᠂ ᠤᠰᠤᠨ ᠭᠠᠷᠤᠯᠲᠠ ᠵᠡᠷᠭᠡ ᠣᠯᠠᠨ ᠵᠦᠢᠯ ᠤᠨ ᠲᠠᠸᠠᠷ ᠢ ᠬᠠᠮᠤᠷᠴᠠᠶ᠃ ᠰᠠᠷ᠎ᠠ ᠭᠠᠷᠤᠶ ᠶᠢᠨ ᠡᠵᠡᠩᠨᠡᠯᠲᠡ ᠪᠠᠷ ᠳᠡᠮᠵᠢᠨ᠂ ᠵᠠᠬ᠎ᠠ ᠳᠡᠯᠭᠡᠭᠦᠷ ᠤᠨ ᠳᠣᠲᠣᠷᠠᠬᠢ ᠣᠷᠴᠢᠨ ᠲᠣᠭᠤᠷᠢᠨ ᠨᠠᠩ ᠴᠡᠪᠡᠷ ᠲᠡᠭᠰᠢ ᠪᠥᠭᠡᠳ ᠡᠮᠬᠢ ᠵᠢᠷᠤᠮ ᠲᠠᠢ ᠪᠣᠯᠵᠣ᠂ ᠳᠡᠯᠭᠡᠭᠡ ᠮᠠᠶᠢᠮᠠᠶ ᠶᠢᠨ ᠪᠠᠶᠢᠷᠢᠰᠢᠯ ᠤᠨ ᠪᠠᠶᠢᠷᠢᠰᠢᠭᠤᠯᠤᠯᠲᠠ ᠨᠠᠩ ᠵᠦᠶ ᠵᠣᠬᠢᠰᠲᠠᠶ᠂ ᠲᠠᠸᠠᠷ ᠤᠨ ᠲᠥᠷᠥᠯ ᠵᠦᠢᠯ ᠪᠦᠷᠢᠨ  ᠭᠦᠢᠴᠡᠳ ᠪᠠᠶᠢᠵᠤ᠂ ᠬᠡᠷᠡᠭᠯᠡᠭᠴᠢᠳ ᠤᠨ ᠡᠯ᠎ᠡ  ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃    ᠣᠶᠤᠨᠴᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠮᠤᠭ ᠤᠨ ᠶᠡᠭᠡ ᠬᠢᠯᠠᠰ ᠴᠡᠭ ᠨᠢ ᠤᠶᠤᠨᠴᠢᠯᠠᠭᠰᠠᠨ ᠬᠠᠮᠢᠶᠠᠷᠤᠯᠲᠠ ᠳᠤ ᠪᠠᠶᠢᠨ᠎ᠠ᠃ ᠵᠠᠬ᠎ᠠ ᠳᠡᠯᠭᠡᠭᠦᠷ ᠲᠤ ᠲᠡᠷᠢᠭᠦᠨ ᠤ ᠣᠶᠤᠨᠴᠢ ᠬᠠᠮᠢᠶᠠᠷᠤᠯᠲᠠ ᠶᠢᠨ ᠰᠢᠰᠲ᠋ᠧᠮ ᠢ ᠲᠣᠬᠢᠷᠠᠭᠤᠯᠵᠤ᠂ ᠲᠣᠭᠠᠴᠢᠯᠠᠭᠰᠠᠨ ᠬᠢᠨᠠᠨ ᠡᠵᠡᠮᠳᠡᠬᠦ ᠰᠢᠰᠲ᠋ᠧᠮ ᠢᠶᠠᠷ ᠳᠠᠮᠵᠢᠭᠤᠯᠤᠨ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠮᠡᠷᠭᠡᠵᠢᠯ ᠢ ᠬᠡᠷᠡᠭᠯᠡᠵᠦ᠂ ︽ᠣᠶᠤᠨᠴᠢ ᠬᠦᠨᠳᠦ ᠶᠢ ᠲᠣᠭᠲᠠᠭᠠᠬᠤ᠂ ᠠᠷᠠᠯᠵᠢᠶᠠᠨ ᠤ ᠮᠥᠷᠳᠡᠯᠲᠡ᠂ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠲᠣᠮᠣ ᠳ᠋ᠠᠶᠢᠲ᠋ᠠ ᠶᠢ ᠬᠠᠮᠢᠶᠠᠷᠬᠤ︾ ᠵᠡᠷᠭᠡ ᠴᠢᠳᠠᠮᠵᠢ ᠶᠢ ᠪᠡᠶᠡᠯᠡᠭᠦᠯᠪᠡ᠃ ᠣᠶᠤᠨᠴᠢ ᠮᠡᠳᠡᠭᠡ ᠵᠠᠩᠭᠢ ᠶᠢᠨ ᠵᠢᠩᠯᠡᠭᠦᠷ᠂ ᠲᠠᠷᠢᠶᠠᠯᠠᠩ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠬᠡᠮᠵᠢᠭᠦᠷᠯᠢᠭ ᠵᠢᠴᠢ ᠠᠶᠠᠨᠴᠢᠳ ᠤᠨ ᠤᠷᠤᠰᠬᠠᠯ ᠢ ᠵᠠᠳᠠᠯᠬᠤ ᠲᠥᠬᠦᠭᠡᠷᠦᠮᠵᠢ ᠵᠡᠷᠭᠡ ᠣᠶᠤᠨᠴᠢᠯᠠᠭᠰᠠᠨ ᠲᠤᠭ᠎ᠠ ᠪᠠᠷᠢᠮᠲᠠ᠂ ᠮᠡᠳᠡᠭᠡ ᠵᠠᠩᠭᠢ ᠴᠤᠭᠯᠠᠭᠤᠯᠬᠤ ᠲᠥᠬᠦᠭᠡᠷᠦᠮᠵᠢ ᠪᠠᠷ ᠳᠠᠮᠵᠢᠭᠤᠯᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠲᠤᠭ᠎ᠠ ᠪᠠᠷᠢᠮᠲᠠ᠂ ᠮᠡᠳᠡᠭᠡ ᠵᠠᠩᠭᠢ ᠶᠢ ᠴᠤᠭᠯᠠᠭᠤᠯᠵᠤ᠂ ᠣᠶᠤᠨᠴᠢ ᠰᠢᠰᠲ᠋ᠧᠮ ᠢᠶᠠᠷ ᠳᠠᠮᠵᠢᠭᠤᠯᠤᠨ ᠴᠠᠭ ᠲᠤᠬᠠᠢ ᠳᠤᠨᠢ ᠡᠷᠭᠢᠯᠳᠦᠭᠦᠯᠦᠨ ᠢᠯᠡᠷᠡᠭᠦᠯᠬᠦ ᠨᠣᠭᠤᠭ᠎ᠠ ᠶᠢᠨ ᠦᠨ᠎ᠡ ᠬᠠᠩᠰᠢ᠂ ᠪᠣᠷᠣᠯᠠᠭᠤᠯᠭ᠎ᠠ ᠶᠢᠨ ᠲᠤᠭ᠎ᠠ ᠪᠠᠷᠢᠮᠲᠠ᠂ ᠢᠳᠡᠭᠡᠨ ᠤ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠢᠯᠡᠷᠡᠭᠦᠯᠵᠦ᠂ ᠬᠡᠷᠡᠭᠯᠡᠭᠴᠢᠳ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠲᠣᠳᠣᠷᠬᠠᠢ ᠣᠶᠢᠯᠠᠭᠠᠬᠤ ᠳᠤ ᠲᠦᠭᠦᠮ ᠦᠵᠡᠭᠦᠯᠬᠦ ᠶᠢᠨ ᠬᠠᠮᠲᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠲᠠᠯ᠎ᠠ ᠪᠠ ᠬᠤᠳᠠᠯᠳᠤᠭᠠᠨ ᠤ ᠡᠷᠦᠬᠡ ᠳᠤ ᠴᠠᠭ ᠲᠤᠬᠠᠢ ᠳᠤᠨᠢ ᠡᠵᠡᠩᠨᠡᠯᠲᠡ ᠪᠠ ᠡᠵᠡᠩᠨᠡᠯᠲᠡ ᠶᠢᠨ ᠪᠠᠶᠢᠳᠠᠯ ᠤᠨ ᠲᠤᠭ᠎ᠠ ᠪᠠᠷᠢᠮᠲᠠ ᠶᠢ ᠬᠠᠩᠭᠠᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ᠂ ᠪᠣᠳᠠᠲᠠᠶᠢᠵᠢᠭᠤᠯᠬᠤ ᠶᠢ ᠪᠡᠶᠡᠯᠡᠭᠦᠯᠪᠡ᠃     ᠲᠠᠯᠠᠳ ᠬᠤᠰᠢᠭᠤᠨ ᠤ ᠤᠶᠤᠨᠴᠢ ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠲᠡᠯᠭᠡᠭᠦᠷ ᠤᠨ ᠪᠦᠳᠦᠭᠡᠨ ᠪᠠᠶᠢᠭᠤᠯᠤᠯᠳᠠ ᠪᠤᠯ ᠲᠠᠯᠠᠳ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠤᠯᠠᠨ ᠲᠦᠮᠡᠨ ᠳᠤ ᠠᠩᠬᠠᠷᠤᠯ ᠲᠠᠯᠪᠢᠵᠤ ᠪᠠᠶᠢᠭ᠎ᠠ ᠶᠠᠪᠤᠳᠠᠯ ᠪᠤᠯᠤᠨ᠎ᠠ᠃ ᠢᠷᠡᠭᠡᠳᠦᠶ ᠳᠤ᠂ ᠳᠠᠯᠠᠳ ᠬᠤᠰᠢᠭᠤ ᠦᠷᠭᠦᠯᠵᠢᠯᠡᠨ ᠬᠦᠴᠦᠯᠡᠵᠦ᠂ ᠠᠷᠠᠳ ᠣᠯᠠᠨ ᠤ ᠢᠳᠡᠰᠢᠨ ᠨᠣᠭᠤᠭ᠎ᠠ ᠶᠢ ᠰᠠᠶᠢᠲᠤᠷ ᠰᠠᠬᠢᠨ ᠬᠠᠮᠠᠭᠠᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦ ᠪᠣᠯᠭᠠᠨ᠎ᠠ᠃ 
ᠢᠷᠡᠯᠲᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ