ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠠᠬᠢᠭᠤᠯᠬᠤ ᠦᠢᠯᠡᠳᠦᠯᠭᠡ ᠶᠢᠨ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠶ᠎ᠠ
ᠨᠡᠶᠢᠲᠡᠯᠡᠭᠰᠡᠨ ᠴᠠᠭ᠄
2025/2/17
  ᠲᠠᠯᠠᠳ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠧᠦ ᠱᠤᠸᠠᠢ  ᠰᠢᠨ᠎ᠡ ᠴᠠᠭ ᠦᠶ᠎ᠡ ᠰᠢᠨ᠎ᠡ ᠠᠶᠠᠨ ᠳᠤ᠂ ᠳᠠᠯᠠᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠦᠭᠦ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠭᠦᠨᠵᠡᠭᠡᠢ ᠰᠤᠷᠤᠯᠴᠠᠵᠤ ᠭᠦᠨᠵᠡᠭᠡᠢ ᠣᠶᠢᠯᠠᠭᠠᠬᠤ᠂ ᠭᠤᠣᠯ ᠴᠢᠮᠦᠭᠡ ᠶᠢ ᠨᠢ ᠡᠵᠡᠮᠰᠢᠬᠦ ᠳᠡᠭᠡᠷ᠎ᠡ ᠬᠦᠴᠦ ᠲᠠᠯᠪᠢᠵᠤ᠂ ᠮᠡᠳᠡᠬᠦᠢ ᠬᠢᠬᠦᠢ ᠶᠢ ᠨᠢᠭᠡᠳᠬᠡᠬᠦ᠂ ᠰᠣᠷᠣᠬᠰᠠᠨ ᠢᠶᠠᠨ ᠬᠡᠷᠡᠭᠯᠡᠬᠦ ᠳᠡᠭᠡᠷ᠎ᠡ ᠬᠦᠴᠦ ᠲᠠᠯᠪᠢᠵᠤ᠂ ᠪᠠᠷᠢᠮᠵᠢᠶᠠᠯᠠᠨ ᠬᠠᠷᠭᠤᠭᠤᠯᠵᠤ᠂ ᠴᠢᠨᠠᠷᠵᠢᠯ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠵᠤ᠂ ᠥᠭᠡᠷᠡᠴᠢᠯᠡᠯᠲᠡ ᠶᠢ ᠲᠠᠭᠠᠬᠤ᠂ ᠥᠭᠡᠷᠡᠴᠢᠯᠡᠯᠲᠡ ᠳᠤ ᠦᠢᠯᠡᠴᠢᠯᠡᠬᠦ᠂ ᠥᠭᠡᠷᠡᠴᠢᠯᠡᠯᠲᠡ ᠳᠤ ᠣᠷᠤᠯᠴᠠᠬᠤ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠯᠭᠡ ᠬᠢᠬᠦ ᠪᠠᠶᠢᠭᠤᠯᠤᠮᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠭᠠᠵᠠᠷ ᠣᠷᠣᠨ ᠤ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢ ᠨᠡᠮᠡᠷᠢᠯᠡᠨ᠎ᠡ᠃  — ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠤᠯᠤᠰ ᠲᠦᠷᠦ ᠶᠢᠨ ᠵᠥᠪᠯᠡᠯᠭᠡᠨ ᠤ ᠰᠦᠭ ᠰᠦᠨᠡᠰᠦ ᠶᠢ ᠪᠠᠲᠤ ᠰᠠᠬᠢᠨ᠎ᠠ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠲᠡᠷᠢᠭᠦᠨ ᠴᠢᠬᠤᠯᠠ ᠤᠷᠢᠲᠠᠯ ᠮᠥᠨ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠦᠨᠳᠦᠰᠦᠨ ᠪᠠᠲᠤᠯᠠᠭ᠎ᠠ ᠮᠥᠨ᠂ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠦᠨᠳᠦᠰᠦᠨ ᠤᠯᠤᠰ ᠲᠥᠷᠥ ᠶᠢᠨ ᠵᠠᠷᠴᠢᠮ ᠮᠥᠨ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠠᠢ ᠦᠢᠯᠡᠳᠦᠯᠭᠡ ᠳᠤᠮᠳᠠ᠂ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠠᠵᠢᠯ ᠤᠨ ᠳᠦᠷᠢᠮ ᠢ ᠴᠢᠩᠭ᠎ᠠ ᠬᠡᠷᠡᠭᠵᠢᠭᠦᠯᠦᠨ᠂ ᠨᠠᠮ ᠤᠨ ᠬᠤᠷᠢᠶ᠎ᠠ ᠯᠤᠭ᠎ᠠ ᠦᠵᠡᠯ ᠰᠠᠨᠠᠭ᠎ᠠ ᠪᠠᠨ ᠨᠢᠭᠡᠳᠬᠡᠵᠦ᠂ ᠬᠠᠷᠠᠯᠲᠠ ᠶᠢ ᠠᠳᠠᠯᠢ ᠴᠢᠭᠯᠡᠯ ᠲᠠᠢ ᠪᠠᠶᠢᠯᠭᠠᠵᠤ᠂ ᠠᠵᠢᠯᠯᠠᠭ᠎ᠠ ᠶᠢ ᠠᠳᠠᠯᠢ ᠠᠯᠬᠤᠮ ᠲᠠᠢ ᠪᠠᠶᠢᠯᠭᠠᠬᠤ ᠶᠢ ᠪᠡᠶᠡᠯᠡᠭᠦᠯᠵᠦ᠂ ᠴᠢᠬᠤᠯᠠ ᠶᠡᠭᠡ ᠤᠴᠢᠷ ᠶᠠᠪᠤᠳᠠᠯ᠂ ᠵᠥᠪᠯᠡᠯᠭᠡ ᠬᠢᠭᠰᠡᠨ ᠴᠢᠬᠤᠯᠠ ᠦᠷ᠎ᠡ ᠪᠦᠲᠦᠭᠡᠯ ᠢ ᠨᠠᠮ ᠤᠨ ᠬᠤᠷᠢᠶ᠎ᠠ ᠳᠤ ᠴᠠᠭ ᠲᠤᠬᠠᠢ ᠳᠤᠨᠢ ᠮᠡᠳᠡᠭᠦᠯᠦᠨ ᠵᠢᠭᠠᠪᠤᠷᠢ ᠠᠪᠴᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠭᠤᠣᠯᠳᠠᠯᠭ᠎ᠠ ᠳᠤ ᠨᠡᠩ ᠰᠠᠶᠢᠲᠤᠷ ᠲᠥᠪᠯᠡᠷᠡᠭᠦᠯᠬᠦ᠂ ᠪᠦᠭᠦ ᠲᠠᠯ᠎ᠠ ᠠᠴᠠ ᠭᠠᠷᠳᠠᠬᠤ ᠶᠢ ᠦᠨᠡᠨ ᠬᠦ ᠪᠠᠲᠤᠯᠠᠨ᠎ᠠ᠃  — ᠪᠦᠭᠦ ᠲᠠᠯ᠎ᠠ ᠳᠤ ᠦᠢᠯᠡᠴᠢᠯᠡᠵᠦ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠤᠯᠤᠰ ᠲᠦᠷᠦ ᠶᠢᠨ ᠵᠥᠪᠯᠡᠯᠭᠡᠨ ᠤ ᠡᠭᠦᠷᠭᠡᠯᠡᠯ ᠢ ᠢᠯᠡᠷᠡᠭᠦᠯᠦᠨ᠎ᠡ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠪᠠᠶᠢᠭᠤᠯᠤᠯ ᠤᠨ ᠲᠣᠬᠢᠷᠠᠭᠤᠯᠤᠯᠲᠠ ᠮᠥᠨ᠂ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠴᠢᠬᠤᠯᠠ ᠠᠷᠭ᠎ᠠ ᠵᠠᠮ ᠪᠠ ᠲᠤᠰᠬᠠᠢ ᠵᠥᠪᠯᠡᠯᠭᠡ ᠬᠢᠬᠦ ᠪᠠᠶᠢᠭᠤᠯᠤᠮᠵᠢ ᠮᠥᠨ᠃ ᠤᠯᠤᠰ ᠲᠦᠷᠦ ᠶᠢᠨ ᠵᠥᠪᠯᠡᠯᠭᠡᠨ ᠳᠤ ᠠᠪᠴᠤ ᠬᠡᠯᠡᠪᠡᠯ᠂ ᠲᠤᠰᠬᠠᠢ ᠵᠥᠪᠯᠡᠯᠭᠡ ᠬᠢᠬᠦ ᠪᠠᠶᠢᠭᠤᠯᠤᠮᠵᠢ ᠪᠣᠯ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠮᠥᠨ ᠪᠥᠭᠡᠳ ᠪᠠᠰᠠ ᠴᠤ ᠠᠵᠢᠯ ᠤᠨ ᠪᠠᠶᠢᠷᠢ ᠲᠣᠭᠲᠠᠭᠠᠯᠲᠠ ᠮᠥᠨ᠂ ᠤᠯᠤᠰ ᠲᠦᠷᠦ ᠶᠢᠨ ᠵᠥᠪᠯᠡᠯᠭᠡᠨ ᠡᠯ᠎ᠡ ᠲᠦᠷᠦᠯ ᠤᠨ ᠡᠭᠦᠷᠭᠡ ᠴᠢᠳᠠᠪᠬᠢ ᠪᠠᠨ ᠭᠦᠢᠴᠡᠳᠬᠡᠬᠦ ᠳᠤ ᠡᠷᠬᠡᠪᠰᠢ ᠵᠥᠪᠯᠡᠬᠦ ᠭᠤᠣᠯ ᠠᠵᠢᠯ ᠳᠤ ᠨᠡᠩ ᠢᠯᠡᠭᠦᠦ ᠠᠩᠬᠠᠷᠤᠯ ᠢᠶᠠᠨ ᠲᠥᠪᠯᠡᠷᠡᠭᠦᠯᠵᠦ᠂ ᠵᠥᠪᠯᠡᠬᠦ ᠭᠤᠣᠯ ᠵᠣᠷᠢᠯᠲᠠ ᠳᠤ ᠨᠡᠩ ᠢᠯᠡᠭᠦᠦ ᠨᠡᠶᠢᠴᠡᠭᠦᠯᠦᠨ᠎ᠡ᠃  — ᠨᠢᠭᠲᠠ ᠠᠴᠠ ᠨᠢᠭᠲᠠ ᠵᠥᠪᠯᠡᠬᠦ ᠶᠢ ᠠᠬᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠴᠢᠨᠠᠷᠵᠢᠯ ᠢ ᠳᠡᠭᠡᠭᠰᠢᠯᠡᠭᠦᠯᠦᠨ᠎ᠡ᠃ ᠵᠥᠪᠯᠡᠬᠦ ᠠᠷᠠᠳᠴᠢᠯᠠᠯ ᠤᠨ ᠭᠡᠯᠪᠡᠷᠢ ᠶᠢ ᠥᠷᠭᠡᠳᠬᠡᠵᠦ᠂ ᠤᠯᠤᠰ ᠲᠦᠷᠦ ᠶᠢᠨ ᠵᠥᠪᠯᠡᠯᠭᠡ ᠬᠢᠬᠦ ᠬᠠᠷᠠᠭ᠎ᠠ ᠶᠢ ᠨᠡᠩ ᠥᠷᠭᠡᠨ ᠪᠤᠯᠭᠠᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯᠭᠡ ᠶᠢ ᠨᠡᠩ ᠠᠮᠢᠳᠤᠯᠢᠭ ᠥᠷᠨᠢᠭᠦᠯᠦᠨ᠂ ᠳᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠬᠡᠪᠴᠢᠶ᠎ᠡ ᠶᠢ ᠨᠡᠩ ᠥᠷᠭᠡᠨ ᠪᠣᠯᠭᠠᠨ᠎ᠠ᠃ ᠲᠤᠰᠢᠶᠠᠯ ᠬᠠᠷᠢᠭᠤᠴᠠᠯᠭ᠎ᠠ ᠪᠠᠨ ᠪᠣᠳᠠᠲᠠᠢ ᠭᠦᠢᠴᠡᠳᠬᠡᠬᠦ ᠦᠢᠯᠡᠳᠦᠯᠭᠡ ᠶᠢᠨ ᠶᠠᠪᠤᠴᠠ ᠳᠤ᠂ ᠪᠦᠭᠦᠳᠡ ᠬᠤᠷᠠᠯ ᠤᠨ ᠪᠦᠬᠦᠯᠢ ᠴᠣᠭᠴᠠ ᠶᠢᠨ ᠵᠥᠪᠯᠡᠯᠭᠡ ᠬᠢᠬᠦ ᠶᠢ ᠥᠨᠳᠥᠷ ᠪᠠᠷᠢᠮᠵᠢᠶ᠎ᠠ ᠪᠠᠷ ᠰᠠᠶᠢᠲᠤᠷ ᠠᠳᠬᠤᠨ᠎ᠠ᠃ ᠭᠡᠰᠢᠭᠦᠳ ᠢ ᠵᠣᠬᠢᠶᠠᠨ ᠪᠠᠶᠢᠭᠤᠯᠵᠤ ᠳᠤᠭᠤᠶᠢᠯᠠᠩ ᠬᠤᠪᠢᠶᠠᠨ ᠶᠠᠷᠢᠯᠴᠠᠬᠤ᠂ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠬᠤ᠂ ᠲᠤᠰᠬᠠᠢ ᠰᠡᠳᠦᠪ ᠢᠶᠠᠷ ᠶᠠᠷᠢᠯᠴᠠᠬᠤ᠂ ᠰᠠᠨᠠᠯ ᠰᠠᠨᠠᠭᠤᠯᠭ᠎ᠠ ᠳᠡᠪᠰᠢᠭᠦᠯᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠵᠡᠷᠭᠡ ᠭᠡᠯᠪᠡᠷᠢ ᠪᠠᠷ ᠳᠠᠮᠵᠢᠭᠤᠯᠤᠨ᠂ ᠢᠳᠡᠪᠬᠢᠲᠡᠢ ᠪᠠᠷ ᠵᠠᠰᠠᠭ ᠤᠨ ᠶᠠᠪᠤᠳᠠᠯ ᠢ ᠵᠥᠪᠯᠡᠵᠦ ᠰᠠᠨᠠᠯ ᠰᠠᠨᠠᠭᠤᠯᠭ᠎ᠠ ᠳᠤᠷᠠᠳᠤᠨ᠎ᠠ᠃  — ᠲᠠᠪᠴᠠᠩ ᠪᠠᠶᠢᠭᠤᠯᠤᠨ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠬᠦᠴᠦᠨ ᠢ ᠨᠢᠭᠲᠠᠷᠠᠭᠤᠯᠤᠨ᠎ᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠪᠠᠷ ᠭᠤᠣᠯ ᠭᠤᠭᠴᠤᠭ᠎ᠠ ᠪᠤᠯᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠠᠢ ᠦᠢᠯᠡᠳᠦᠯᠭᠡ ᠳᠤᠮᠳᠠ᠂ ᠰᠠᠨᠠᠯ ᠰᠠᠨᠠᠭᠤᠯᠭ᠎ᠠ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠵᠥᠪᠳᠡᠯᠴᠡᠨ ᠰᠣᠯᠢᠯᠴᠠᠬᠤ ᠪᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠶᠠᠷᠢᠯᠴᠠᠨ ᠵᠥᠪᠳᠡᠯᠴᠡᠬᠦ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠵᠥᠪᠯᠡᠯᠭᠡ ᠬᠢᠬᠦ ᠪᠠᠷ ᠰᠡᠳᠬᠢᠯ ᠢ ᠪᠦᠲᠦᠮᠵᠢᠲᠡᠢ ᠨᠢᠭᠲᠠᠷᠠᠭᠤᠯᠤᠨ᠂ ᠰᠡᠳᠬᠢᠯ ᠢ ᠨᠢᠭᠲᠠᠷᠠᠭᠤᠯᠬᠤ ᠪᠠᠷ ᠬᠦᠴᠦᠨ ᠢ ᠲᠥᠪᠯᠡᠷᠡᠭᠦᠯᠬᠦ ᠶᠢ ᠪᠡᠶᠡᠯᠡᠭᠦᠯᠦᠨ᠎ᠡ᠃  — ᠲᠣᠭᠲᠠᠴᠠ ᠶᠢ ᠲᠡᠭᠦᠯᠳᠡᠷᠵᠢᠭᠦᠯᠦᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠯᠤᠰ ᠲᠦᠷᠦ ᠶᠢᠨ ᠵᠥᠪᠯᠡᠯᠭᠡᠨ ᠤ ᠦᠷ᠎ᠡ ᠪᠦᠲᠦᠮᠵᠢ ᠶᠢ ᠴᠢᠩᠭᠠᠳᠬᠠᠨ᠎ᠠ᠃ ︽ᠤᠴᠢᠷ ᠶᠠᠪᠤᠳᠠᠯ ᠪᠠᠶᠢᠪᠠᠯ ᠰᠠᠶᠢᠲᠤᠷ ᠵᠥᠪᠳᠡᠯᠴᠡᠵᠦ᠂ ᠤᠯᠠᠨ ᠤ ᠤᠴᠢᠷ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠬᠦ︾ ᠭᠡᠬᠦ ᠡᠨᠡ ᠬᠦ ᠠᠷᠠᠳᠴᠢᠯᠠᠯ ᠤᠨ ᠦᠨᠡᠨ ᠶᠣᠰᠣ ᠶᠢ ᠪᠠᠲᠤ ᠡᠵᠡᠮᠳᠡᠵᠦ᠂ ᠵᠥᠪᠯᠡᠬᠦ ᠠᠷᠠᠳᠴᠢᠯᠠᠯ ᠤᠨ ᠥᠷᠭᠡᠨ ᠳᠡᠯᠭᠡᠷ ᠤᠯᠠᠨ ᠲᠡᠰ ᠳᠠᠪᠬᠤᠷᠭ᠎ᠠ ᠪᠠᠷ ᠳᠦᠷᠢᠮᠵᠢᠨ ᠬᠥᠭᠵᠢᠬᠦ ᠶᠢ ᠨᠡᠩ ᠪᠦᠲᠦᠮᠵᠢᠲᠡᠶ ᠪᠠᠷ ᠠᠬᠢᠭᠤᠯᠤᠨ᠎ᠠ᠃ ᠲᠤᠰᠢᠶᠠᠯ ᠬᠠᠷᠢᠭᠤᠴᠠᠯᠭ᠎ᠠ ᠪᠠᠨ ᠪᠣᠳᠠᠲᠠᠢ ᠭᠦᠢᠴᠡᠳᠬᠡᠬᠦ ᠦᠢᠯᠡᠳᠦᠯᠭᠡ ᠳᠤᠮᠳᠠ᠂ ᠭᠦᠨᠵᠡᠭᠡᠢ ᠵᠥᠪᠳᠡᠯᠴᠡᠨ ᠦᠢᠯᠡᠳᠦᠯᠴᠡᠬᠦ᠂ ᠰᠠᠨᠠᠯ ᠢᠶᠠᠨ ᠭᠦᠢᠴᠡᠳ ᠢᠯᠡᠳᠬᠡᠬᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠲᠣᠭᠲᠠᠴᠠ ᠶᠢ ᠲᠠᠰᠤᠷᠠᠯᠳᠠ ᠦᠭᠡᠢ ᠪᠦᠷᠢᠨᠰᠢᠭᠦᠯᠦᠨ᠎ᠡ᠃  — ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ ᠡ᠊ᠩᠨᠡᠭᠡ ᠶᠢ ᠠᠳᠬᠤᠵᠤ᠂ ᠤᠯᠤᠰ ᠲᠦᠷᠦ ᠶᠢᠨ ᠵᠥᠪᠯᠡᠯᠭᠡᠨ ᠤ ᠰᠠᠭᠤᠷᠢ ᠶᠢ ᠪᠠᠬᠢᠵᠢᠭᠦᠯᠦᠨ᠎ᠡ᠃ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠣᠷᠣᠨ ᠪᠠᠶᠢᠷᠢ ᠰᠢᠨ᠎ᠡ ᠡᠭᠦᠷᠭᠡ ᠶᠢ ᠣᠨᠣᠪᠴᠢᠲᠠᠢ ᠡᠵᠡᠮᠳᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠳᠦᠷᠢᠮᠵᠢᠭᠦᠯᠬᠦ᠂ ᠵᠢᠷᠤᠮᠵᠢᠭᠤᠯᠬᠤ᠂ ᠳᠡᠰ ᠳᠠᠷᠠᠭᠠᠵᠢᠭᠤᠯᠬᠤ ᠵᠡᠷᠭᠡ ᠴᠢᠳᠠᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠠᠢ ᠦᠢᠯᠡᠳᠦᠯᠭᠡ ᠳᠤᠮᠳᠠ᠂ ᠤᠯᠤᠰ ᠲᠥᠷᠥ ᠶᠢᠨ ᠵᠥᠪᠯᠡᠯᠭᠡᠨ ᠤ ᠳᠦᠷᠢᠮ ᠢᠶᠠᠷ ᠰᠠᠭᠤᠷᠢ ᠪᠤᠯᠭᠠᠵᠤ᠂ ᠵᠥᠪᠯᠡᠬᠦ ᠳᠦᠷᠢᠮ ᠢᠶᠠᠷ ᠭᠤᠣᠯ ᠪᠤᠯᠭᠠᠵᠤ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠪᠠᠶᠢᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠳᠣᠲᠣᠭᠠᠳᠤ ᠶᠢᠨ ᠠᠵᠢᠯᠯᠠᠭᠠᠨ ᠵᠡᠷᠭᠡ ᠡᠯ᠎ᠡ ᠲᠠᠯ᠎ᠠ ᠶᠢᠨ ᠳᠦᠷᠢᠮ ᠢ ᠬᠠᠮᠤᠷᠴᠤ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠳᠦᠷᠢᠮ ᠨᠢ ᠵᠢᠷᠤᠮᠵᠢᠯ ᠲᠠᠢ᠂ ᠬᠠᠷᠢᠴᠠᠭ᠎ᠠ ᠨᠢ ᠲᠣᠳᠣᠷᠬᠠᠢ ᠳᠦᠷᠢᠮ ᠤᠨ ᠲᠣᠭᠲᠠᠯᠴᠠᠭ᠎ᠠ ᠶᠢ ᠪᠤᠢ ᠪᠤᠯᠭᠠᠵᠤ᠂ ᠳᠦᠷᠢᠮ ᠤᠨ ᠪᠦᠲᠦᠮᠵᠢᠲᠡᠶ ᠠᠵᠢᠯᠯᠠᠭ᠎ᠠ ᠪᠠᠷ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠥᠭᠵᠢᠯᠲᠡ ᠶᠢᠨ ᠪᠦᠭᠦ ᠶᠠᠪᠤᠴᠠ ᠳᠠᠬᠢ ᠠᠷᠠᠳ ᠤᠨ ᠠᠷᠠᠳᠴᠢᠯᠠᠯ ᠤᠨ ᠳᠤᠮᠳᠠᠬᠢ ᠴᠢᠬᠤᠯᠠ ᠦᠢᠯᠡᠳᠦᠯ ᠢ ᠨᠡᠩ ᠰᠠᠶᠢᠨ ᠪᠠᠳᠠᠷᠠᠭᠤᠯᠤᠨ᠎ᠠ ᠃ 
ᠢᠷᠡᠯᠲᠡ᠄ ᠲᠣᠯᠠᠭᠠᠨ ᠮᠡᠳᠡᠭᠡ