ᠸᠠᠩ ᠰᠢᠶᠤᠤ ᠫᠢᠩ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/2/17
    2 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠫᠢᠩ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠤᠯᠭᠠᠭᠤᠷᠢᠯᠠᠯ ᠪᠣᠯᠭᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠪᠥᠬᠦ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠳᠠᠯᠠᠳ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃    ᠥᠪᠥᠷ ᠮᠣᠩᠭᠤᠯ ᠤᠨ ᠤᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠯᠠᠳ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠪᠣᠯᠤᠨ ᠾᠧᠢ ᠯᠠᠢ ᠭᠸᠤ ᠶᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠲᠣᠭᠤᠷᠢᠭ ᠲᠤ᠂ ᠸᠠᠩ ᠰᠢᠶᠤᠤ ᠫᠢᠩ ᠲᠠᠨᠢᠯᠴᠠᠭᠤᠯᠭ᠎ᠠ ᠶᠢ ᠰᠣᠨᠣᠰᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠬᠠᠳᠤᠨ ᠭᠤᠣᠯ ᠤᠨ  ᠪᠣᠭᠤᠮᠲᠠ ᠰᠢᠪᠲᠤᠯᠬᠤ ᠳᠠᠶᠢᠯᠠᠯᠳᠤᠭᠠᠨ᠂ ︿ᠦᠷ᠎ᠡ ﹀ ᠡᠬᠢ ᠪᠠᠶᠠᠯᠢᠭ ᠤᠨ ᠬᠥᠮᠥᠷᠭᠡ ᠶᠢᠨ ᠪᠦᠳᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠲᠥᠯᠥᠪᠵᠢᠭᠦᠯᠦᠨ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠪᠣᠯᠤᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠪᠡ᠃    ᠸᠠᠩ ᠰᠢᠶᠤᠤ ᠫᠢᠩ᠂ ᠬᠠᠳᠤᠨ ᠭᠤᠣᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠡᠯᠡᠰᠦ ᠶᠢ ᠲᠣᠭᠲᠠᠪᠤᠷᠢᠵᠢᠭᠤᠯᠤᠨ ᠲᠣᠭᠤᠰᠣ ᠶᠢ ᠬᠤᠷᠢᠭᠯᠠᠬᠤ᠂ ᠡᠯᠡᠰᠦ ᠶᠢ ᠬᠠᠰᠢᠵᠤ ᠬᠠᠲᠤᠨ ᠭᠤᠣᠯ ᠳᠤ ᠣᠷᠣᠭᠤᠯᠬᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠵᠡᠷᠭᠡ ᠬᠦᠨᠳᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠨᠡᠩ ᠥᠨᠳᠥᠷ ᠤᠯᠤᠰ ᠲᠦᠷᠦ ᠶᠢᠨ ᠵᠣᠭᠰᠣᠴᠠ ᠪᠣᠯᠤᠨ ᠡᠭᠦᠷᠭᠡᠲᠦ ᠪᠤᠳᠤᠯ᠂ ᠬᠠᠷᠢᠭᠤᠴᠠᠯᠭᠠᠲᠤ ᠰᠡᠳᠬᠢᠯᠭᠡ ᠪᠠᠷ ᠠᠭᠤᠯᠠ ᠤᠰᠤ᠂ ᠤᠢ ᠰᠢᠭᠤᠢ  ᠂ ᠲᠠᠷᠢᠶᠠᠨ ᠭᠠᠵᠠᠷ᠂  ᠨᠠᠭᠤᠷ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭ᠎ᠠ᠂ ᠬᠠᠳᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠲᠠ᠂ ᠬᠥᠪᠴᠢ ᠶᠢᠨ ᠡᠯᠡᠰᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠡᠷᠭᠡ ᠴᠢᠬᠤᠯᠠ ᠶᠡᠭᠡ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠨᠠᠷᠢᠨ ᠬᠢᠨᠠᠮᠠᠭᠠᠢ ᠲᠥᠯᠥᠪᠵᠢᠭᠦᠯᠦᠨ ᠠᠬᠢᠭᠤᠯᠵᠤ᠂ ︽ᠬᠤᠶᠠᠷ ᠠᠭᠤᠯᠠ︾ ᠶᠢᠨ ᠤᠨᠤᠯ ᠤᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ︿ᠦᠷ᠎ᠡ ﹀ ᠡᠬᠢ ᠪᠠᠶᠠᠯᠢᠭ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ︿ᠦᠷ᠎ᠡ ﹀  ᠤᠨ ᠡᠬᠢ ᠪᠠᠶᠠᠯᠢᠭ ᠤᠨ ᠬᠥᠮᠥᠷᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠰ ᠭᠠᠵᠠᠷ ᠤᠨ ᠣᠨᠴᠠᠯᠢᠭ ᠪᠦᠬᠦᠢ ᠤᠷᠭᠤᠮᠠᠯ ︿ᠦᠷ᠎ᠡ ﹀ ᠤᠨ ᠡᠬᠢ ᠪᠠᠶᠠᠯᠢᠭ ᠢ   ᠴᠤᠭᠯᠠᠭᠤᠯᠬᠤ᠂ ᠬᠠᠳᠠᠭᠠᠯᠠᠬᠤ ᠪᠠ ᠰᠤᠳᠤᠯᠬᠤ ᠶᠢ ᠴᠢᠩᠭᠠᠳᠬᠠᠵᠤ᠂ ᠡᠩᠬᠡᠪᠡᠢ ᠠᠮᠢ ᠠᠬᠤᠶ ᠶᠢᠨ ᠵᠢᠱᠢᠶ᠎ᠡ ᠦᠵᠡᠭᠦᠯᠬᠦ ᠣᠷᠣᠨ ᠢ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠭᠦᠨᠵᠡᠭᠡᠶ ᠬᠠᠮᠲᠤᠷᠠᠯᠴᠠᠬᠤ ᠶᠢ ᠢᠳᠡᠪᠬᠢᠲᠡᠶ ᠥᠷᠨᠢᠭᠦᠯᠵᠦ᠂ ︿ᠦᠷ᠎ᠡ ﹀ ᠡᠬᠢ ᠪᠠᠶᠠᠯᠢᠭ ᠢ ᠰᠢᠨ᠎ᠡ ᠶᠢ ᠡᠭᠦᠳᠦᠨ ᠠᠰᠢᠭᠯᠠᠬᠤ ᠰᠤᠳᠤᠯᠭᠠᠨ ᠢ ᠢᠳᠡᠪᠬᠢᠲᠡᠶ ᠥᠷᠨᠢᠭᠦᠯᠵᠦ᠂ ᠬᠤᠵᠢᠷ ᠲᠤ ᠲᠡᠰᠪᠦᠷᠢᠲᠡᠶ᠂ ᠰᠠᠯᠬᠢ ᠡᠯᠡᠰᠦ ᠶᠢ ᠡᠰᠡᠷᠭᠦᠴᠡᠬᠦ ᠣᠶ ᠰᠢᠭᠤᠶ ᠡᠪᠡᠰᠦ ᠪᠡᠯᠴᠢᠭᠡᠷ ᠤᠨ ︿ᠦᠷ᠎ᠡ ﹀ ᠡᠬᠢ ᠪᠠᠶᠠᠯᠢᠭ ᠢ ᠶᠡᠬᠡᠪᠡᠷ ᠪᠤᠶᠢᠵᠢᠭᠤᠯᠤᠨ ᠳᠡᠯᠭᠡᠷᠡᠭᠦᠯᠵᠦ᠂ ᠡᠯᠡᠰᠦᠷᠬᠡᠭ ᠭᠠᠵᠠᠷ ᠤᠨ ᠠᠮᠢ ᠠᠬᠤᠶ ᠶᠢ ᠰᠡᠷᠭᠦᠭᠡᠬᠦ ᠪᠠ ᠠᠮᠢ ᠠᠬᠤᠶ ᠶᠢᠨ ᠲᠠᠷᠢᠶᠠᠯᠠᠩ ᠤᠨ ᠬᠥᠭᠵᠢᠯᠲᠡ ᠳᠤ ᠪᠠᠲᠤ ᠪᠠᠬᠢ ᠳᠦᠷᠰᠦ ᠶᠢᠨ ᠰᠠᠭᠤᠷᠢ ᠪᠠ ᠭᠧᠨ ᠤ ᠪᠠᠲᠤᠯᠠᠭ᠎ᠠ ᠬᠠᠩᠭᠠᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠤ᠂ ᠬᠦᠪᠴᠢ ᠶᠢᠨ ᠡᠯᠡᠰᠦᠨ ᠤ ᠰᠢᠨ᠎ᠡ ᠡᠨᠧᠷᠭᠢ ᠶᠢᠨ ᠠᠮᠢ ᠠᠬᠤᠶ ᠶᠢᠨ ᠵᠠᠰᠠᠯᠲᠠ ᠶᠢᠨ ᠢᠨᠵᠧᠨᠧᠷᠢᠩ ᠤᠨ ᠮᠡᠷᠭᠡᠵᠢᠯ ᠤᠨ ᠲᠥᠪ᠂ ᠡᠩᠬᠡᠪᠡᠢ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠥᠬᠦ ᠬᠤᠰᠢᠭᠤᠨ ᠤ ᠠᠮᠢ ᠠᠬᠤᠶ ᠶᠢᠨ ᠵᠠᠰᠠᠯᠲᠠ ᠪᠠ ᠠᠮᠢ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠠᠮᠢ ᠠᠬᠤᠶ ᠶᠢᠨ ᠵᠠᠰᠠᠯᠲᠠ ᠪᠠ ᠠᠵᠤ ᠠᠬᠤᠶ ᠶᠢᠨ ᠬᠥᠭᠵᠢᠯᠲᠡ ᠶᠢᠨ ᠰᠠᠶᠢᠨ ᠦᠢᠯᠡᠳᠦᠯᠴᠡᠯ ᠢ ᠪᠡᠶᠡᠯᠡᠭᠦᠯᠬᠦ ᠬᠡᠷᠡᠭᠲᠡᠶ᠃ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠬᠦ ᠲᠠᠯ᠎ᠠ ᠪᠠᠷ ᠰᠢᠨ᠎ᠡ ᠡᠭᠦᠷᠭᠡᠯᠡᠯ ᠢ ᠢᠯᠡᠷᠡᠭᠦᠯᠵᠦ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠡᠩ ᠤᠨ ᠬᠦᠯᠢᠶᠡᠰᠦᠯᠡᠯ ᠢ ᠡᠪᠳᠡᠵᠦ᠂ ᠲᠥᠷᠥ ᠶᠢᠨ ᠪᠣᠳᠣᠯᠭ᠎ᠠ ᠶᠢ ᠲᠡᠮᠡᠴᠡᠨ ᠤᠯᠬᠤ᠂ ᠲᠥᠷᠥᠯ ᠵᠦᠢᠯ ᠢ ᠣᠷᠣᠭᠤᠯᠤᠨ ᠠᠪᠴᠢᠷᠠᠬᠤ᠂ ᠬᠦᠴᠦᠨ ᠵᠦᠢᠯ ᠢ ᠰᠢᠢᠳᠪᠦᠷᠢᠯᠡᠬᠦ᠂ ᠪᠠᠯᠠ ᠮᠥᠩᠭᠦ ᠶᠢᠨ ᠪᠠᠲᠤᠯᠠᠭ᠎ᠠ᠂ ᠮᠡᠷᠭᠡᠵᠢᠯ ᠤᠨ ᠵᠢᠯᠣᠭᠤᠳᠣᠯᠭ᠎ᠠ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠥᠬᠦ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃    ᠰᠢᠤᠸᠠᠢ ᠬᠠᠢ ᠯᠢᠨ᠂ ᠠᠮᠤᠷᠪᠣᠯᠠᠭ 
ᠢᠷᠡᠯᠲᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ