ᠵᠣᠣ ᠵᠢᠶᠦ᠋ᠨ ᠪᠠᠯᠭᠠᠰᠤ 2025 ᠣᠨ ᠤ 2 ᠳ᠋ᠤᠭᠠᠷ ᠤᠳᠠᠭᠠᠨ ᠤ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠬᠤᠷᠠᠯ ᠳᠡᠭᠡᠷ᠎ᠡ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ 104 | ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠰᠤᠷᠤᠯᠴᠠᠪᠠ᠃ ᠵᠣᠣ ᠵᠢᠶᠦ᠋ᠨ ᠪᠠᠯᠭᠠᠰᠤᠨ ᠤ ᠪᠥᠬᠦ ᠰᠠᠯᠠᠭᠠᠨ ᠤ | ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦᠶ ᠵᠥᠩ ᠬᠦᠶ ᠬᠤᠷᠠᠯ ᠢ ᠡᠷᠭᠢᠯᠡᠪᠡ᠃ | ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠶᠢᠨ ᠨᠡᠷ᠎ᠡ ᠳᠤᠷᠠᠳᠤᠭᠳᠠᠭᠴᠢ ᠦ᠋ ᠫᠧᠩ ᠴᠧᠩ ᠬᠤᠷᠠᠯ | ᠳᠡᠭᠡᠷ᠎ᠡ ᠱᠠᠭᠠᠷᠳᠠᠭᠰᠠᠨ ᠨᠢ᠄ ᠨᠢᠭᠡ ᠳᠤ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠭᠠᠵᠠᠷ ᠰᠢᠷᠣᠢ ᠶᠢᠨ ᠡᠬᠢ ᠪᠠᠶᠠᠯᠢᠭ ᠢ ᠲᠥᠪᠯᠡᠷᠡᠭᠦᠯᠦᠨ | ᠬᠠᠮᠲᠤᠪᠠᠷ ᠬᠥᠭᠵᠢᠭᠦᠯᠵᠦ᠂ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ᠂ ᠨᠢᠭᠡᠳᠦᠯᠲᠡᠢ ᠳᠠᠷᠢᠵᠤ ᠬᠠᠮᠲᠤᠪᠠᠷ ᠪᠠᠶᠠᠵᠢᠬᠤ︾ ᠠᠵᠢᠯ ᠤᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠭᠵᠢᠯᠲᠡ ᠶᠢ ᠡᠷᠢᠯᠬᠢᠯᠡᠵᠦ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠬᠡᠷᠡᠭᠲᠡᠢ᠃ ᠲᠦᠷᠦᠯ ᠲᠡᠮᠳᠡᠭ ᠢ ᠨᠡᠶᠢᠳᠬᠡᠬᠦ ᠶᠢ ᠠᠬᠢᠭᠤᠯᠵᠤ᠂ ︽ᠴᠢᠨᠠᠷ ᠰᠠᠶᠢᠲᠠᠢ᠂ ᠠᠮᠢ ᠠᠬᠤᠢ᠂ ᠪᠣᠬᠢᠷᠲᠤᠯ ᠦᠭᠡᠢ︾ ᠲᠤᠲᠤᠷᠭ᠎ᠠ ᠶᠢᠨ ᠲᠦᠷᠦᠯ ᠲᠡᠮᠳᠡᠭ ᠢ | ᠡᠭᠦᠳᠬᠦ ᠪᠠᠷ ᠳᠠᠮᠵᠢᠭᠤᠯᠵᠤ᠂ ᠵᠤᠤ ᠵᠢᠶᠦ᠋ᠨ ᠤ ᠲᠤᠲᠤᠷᠭ᠎ᠠ ᠶᠢᠨ ᠠᠯᠳᠠᠷᠰᠢᠯ ᠢ ᠳᠡᠭᠡᠭᠰᠢᠯᠡᠭᠦᠯᠵᠦ᠂ ᠲᠤᠲᠤᠷᠭ᠎ᠠ ᠶᠢᠨ ᠠᠵᠤ ᠦᠢᠯᠡᠰ ᠤᠨ ᠨᠠᠷᠢᠯᠢᠭ ᠡᠳ᠋ᠰᠢᠭᠦᠯᠬᠦ ᠶᠢ | ᠠᠬᠢᠭᠤᠯᠵᠤ᠂ ᠥᠪᠡᠷ ᠤᠨ ᠦᠷᠳᠡᠭ ᠢ ᠪᠠᠭᠤᠷᠠᠭᠤᠯᠤᠨ ᠦᠷᠳᠡᠭ ᠨᠡᠮᠡᠭᠳᠡᠭᠦᠯᠬᠦ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠲᠦᠷᠦᠯ ᠵᠦᠢᠯ ᠳᠤ ᠬᠡᠷᠡᠭᠯᠡᠬᠦ | ᠭᠠᠵᠠᠷ ᠢ ᠪᠠᠲᠤᠯᠠᠬᠤ ᠬᠡᠷᠡᠭᠲᠡᠢ᠃ ᠬᠤᠰᠢᠭᠤᠨ ᠲᠠᠰ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠢᠨᠠᠮᠠᠭᠠᠶ ᠰᠤᠳᠤᠯᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠲᠥᠷᠥᠯ ᠵᠦᠢᠯ ᠢᠶᠠᠷ ᠨᠢᠭᠡᠴᠢ ᠪᠣᠯᠭᠠᠨ ᠠᠬᠢᠭᠤᠯᠵᠤ᠂ | ᠪᠠᠯᠭᠠᠰᠤᠨ ᠤ ᠳᠣᠲᠣᠷᠠᠬᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠵᠢᠴᠢ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ ᠭᠠᠵᠠᠷ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠳᠤ | ᠲᠠᠲᠠᠪᠤᠷᠢᠯᠠᠨ ᠨᠤᠷᠠᠭᠠᠬᠤ ᠲᠦᠷᠦ ᠶᠢᠨ ᠪᠤᠳᠤᠯᠭ᠎ᠠ ᠶᠢ ᠨᠡᠩ ᠢᠯᠡᠭᠦᠦ ᠣᠶᠢᠯᠠᠭᠠᠭᠤᠯᠵᠤ᠂ ᠲᠦᠷᠦᠯ ᠵᠦᠢᠯ ᠢ ᠡᠮᠬᠢ ᠵᠢᠷᠤᠮ ᠲᠠᠢ ᠠᠬᠢᠭᠤᠯᠬᠤ ᠳᠤ ᠪᠠᠲᠤ ᠪᠠᠬᠢ | ᠰᠠᠭᠤᠷᠢ ᠶᠢ ᠲᠠᠯᠪᠢᠬᠤ ᠬᠡᠷᠡᠭᠲᠡᠢ᠃ ᠭᠤᠷᠪᠠ ᠳᠤ᠂ ᠦᠨᠳᠦᠰᠦᠨ ᠱᠠᠲᠤᠨ ᠤ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠵᠥᠷᠢᠴᠡᠯ | ᠵᠢᠭᠤᠷᠠᠯᠳᠤᠭᠠᠨ ᠢ ᠠᠷᠢᠯᠭᠠᠬᠤ ᠡᠷᠴᠢᠮ ᠢᠶᠠᠨ ᠦᠨᠡᠨᠬᠦ ᠴᠢᠩᠭᠠᠳᠬᠠᠵᠤ᠂ ᠣᠷᠣᠰᠢᠵᠤ ᠪᠠᠶᠢᠭ᠎ᠠ ᠳᠠᠯᠳᠠ ᠬᠡᠮ ᠶᠢ ᠴᠠᠭ ᠲᠤᠬᠠᠶ ᠳᠤᠨᠢ ᠣᠷᠣᠯᠴᠠᠵᠤ᠂ ᠡᠷᠲᠡ | ᠢᠯᠡᠷᠡᠭᠦᠯᠵᠦ᠂ ᠡᠷᠲᠡ ᠰᠢᠢᠳᠪᠦᠷᠢᠯᠡᠬᠦ ᠬᠡᠷᠡᠭᠲᠡᠶ᠃ ᠲᠡᠤᠬᠡ ᠶᠢᠨ ᠳᠤᠷᠠᠰᠬᠠᠯᠲᠤ ᠵᠦᠢᠯᠡᠰ ᠢ ᠬᠢᠨᠠᠨ ᠵᠥᠪᠰᠢᠶᠡᠷᠡᠬᠦ ᠶᠢᠨ ᠤᠷᠢᠳᠠᠴᠢ ᠲᠠᠰ ᠳᠠᠷᠠᠭᠠᠯᠠᠯ ᠢ | ᠵᠢᠷᠤᠮᠵᠢᠭᠤᠯᠵᠤ᠂ ᠭᠤᠤᠯᠳᠠᠯᠭ᠎ᠠ ᠲᠠᠢ ᠰᠣᠶᠣᠯ ᠤᠨ ᠬᠠᠮᠠᠭᠠᠯᠠᠯᠲᠠ ᠶᠢᠨ ᠨᠢᠭᠡᠴᠡ ᠶᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠷᠠᠭᠤᠯᠤᠨ᠂ | ᠮᠠᠨ ᠤ ᠪᠠᠯᠭᠠᠰᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ | ᠬᠡᠷᠡᠭᠲᠡᠶ᠃ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦᠶ ᠵᠦᠩ ᠬᠦᠢ ᠳ᠋ᠦᠩᠨᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠰᠢᠨ᠎ᠡ ᠨᠢᠭᠡ ᠵᠢᠯ ᠳᠤ᠂ ᠪᠦᠬᠦ | ᠪᠠᠯᠭᠠᠰᠤᠨ ᠤ ᠡᠯ᠎ᠡ ᠱᠠᠲᠤᠨ ᠤ ᠺᠠᠳ᠋ᠷᠴᠤᠳ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ | ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠴᠤᠭ ᠰᠦᠯᠳᠡ ᠪᠠᠨ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠵᠤ᠂ ᠡᠬᠢᠯᠡᠯᠲᠡ ᠶᠢᠨ ᠬᠡᠯᠪᠡᠷᠢ ᠪᠠᠷ ᠪᠦᠬᠦ ᠲᠠᠯ᠎ᠠ ᠶᠢ ᠪᠣᠳᠣᠯᠬᠢᠯᠠᠬᠤ ᠬᠡᠷᠡᠭᠲᠡᠢ᠃ | ᠪᠦᠬᠦ ᠪᠠᠯᠭᠠᠰᠤᠨ ᠤ ᠺᠠᠳ᠋ᠷᠴᠤᠳ ᠠᠵᠢᠯ ᠤᠨ ᠪᠠᠶᠢᠳᠠᠯ ᠳᠤ ᠪᠠᠨ ᠦᠳᠲᠡᠷ ᠲᠦᠷᠭᠡᠨ ᠣᠷᠣᠵᠤ᠂ ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠵᠦ᠂ ᠤᠶᠤᠨ | ᠴᠢᠳᠠᠯ ᠢᠶᠠᠨ ᠭᠤᠣᠯᠳᠠᠯᠭ᠎ᠠ ᠲᠠᠢ ᠲᠦᠷᠦᠯ ᠵᠦᠢᠯ᠂ ᠵᠠᠩᠭᠢᠯᠠᠭ᠎ᠠ ᠶᠢᠨ ᠡᠭᠦᠷᠭᠡ ᠳᠡᠭᠡᠷ᠎ᠡ ᠲᠥᠪᠯᠡᠷᠡᠭᠦᠯᠵᠦ᠂ ᠲᠡᠭᠦᠰ ᠲᠡᠭᠦᠯᠳᠡᠷ ᠵᠣᠷᠢᠭ ᠰᠠᠨᠠᠭ᠎ᠠ ᠪᠠ ᠥᠨᠳᠥᠷ | ᠪᠦᠲᠦᠮᠵᠢᠲᠡᠢ ᠠᠶᠢᠵᠠᠮ ᠢᠶᠠᠷ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠵᠢᠯ ᠤᠨ ᠠᠵᠢᠯ ᠳᠤ | ᠰᠠᠶᠢᠨ ᠰᠠᠶᠢᠬᠠᠨ ᠰᠠᠭᠤᠷᠢ ᠶᠢ ᠲᠠᠯᠪᠢᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠡᠭᠦᠷ ᠤᠨ ᠭᠤᠣᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠴᠢᠨᠠᠷ ᠰᠠᠶᠢᠲᠠᠢ ᠨᠠᠮ ᠤᠨ ᠡᠭᠦᠷ ᠤᠨ ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠪᠠᠷ ᠳᠠᠮᠵᠢᠭᠤᠯᠵᠤ᠂ ᠤᠨᠤᠯ ᠤᠨ ᠮᠡᠳᠡᠯᠭᠡ ᠶᠢᠨ ᠰᠤᠷᠤᠯᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠲᠤᠰ ᠪᠡᠶ᠎ᠡ ᠶᠢᠨ ᠬᠡᠪ ᠴᠢᠨᠠᠷ ᠢᠶᠠᠨ | ᠳᠡᠭᠡᠭᠰᠢᠯᠡᠭᠦᠯᠵᠦ᠂ ᠪᠦᠬᠦ ᠪᠠᠯᠭᠠᠰᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠨᠠᠮ ᠤᠨ ᠭᠡᠰᠢᠭᠦᠨ ᠤ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠴᠠᠭ | ᠢᠮᠠᠭᠲᠠ ᠪᠠᠲᠤ ᠴᠡᠭᠡᠵᠢᠯᠡᠵᠦ᠂ ᠡᠳᠦᠷ ᠲᠤᠳᠤᠮ ᠤᠨ ᠠᠵᠢᠯ ᠪᠣᠯᠤᠨ ᠠᠮᠢᠳᠤᠷᠠᠯ ᠤᠨ ᠳᠤᠮᠳᠠ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠮᠠᠨ ᠤ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠴᠢᠩᠭ᠎ᠠ ᠪᠣᠳᠠᠲᠠᠢ ᠪᠠᠶᠢᠬᠤ ᠶᠢ | ᠪᠠᠷᠢᠮᠲᠠᠯᠠᠵᠤ᠂ ᠨᠢᠭᠲᠠᠷᠠᠯ ᠤᠨ ᠬᠦᠴᠦᠨ ᠳᠠᠶᠢᠴᠢᠨ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠪᠦᠬᠦ ᠪᠠᠯᠭᠠᠰᠤᠨ ᠤ ᠺᠠᠳ᠋ᠷᠴᠤᠳ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠷᠢᠭᠤᠨ | ᠴᠢᠬᠡᠴᠢ ᠪᠠᠷ ᠵᠠᠰᠠᠭ ᠪᠠᠷᠢᠬᠤ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠬᠠᠮᠵᠢᠯᠴᠠᠬᠤ ᠤᠬᠠᠮᠰᠠᠷ ᠢ ᠪᠠᠲᠤ ᠪᠤᠢ ᠪᠣᠯᠭᠠᠵᠤ᠂ ᠠᠵᠢᠯ ᠢᠶᠠᠨ ᠠᠬᠢᠭᠤᠯᠬᠤ ᠬᠦᠴᠦᠷᠬᠡᠭ | ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠵᠤᠤ ᠵᠢᠶᠦ᠋ᠨ ᠪᠠᠯᠭᠠᠰᠤᠨ ᠤ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠬᠤ ᠬᠡᠷᠡᠭᠲᠡᠢ᠃ | |