ᠭᠦᠨᠵᠡᠭᠡᠢ ᠰᠤᠷᠤᠯᠴᠠᠵᠤ ᠦᠨᠡᠨᠴᠢ ᠰᠢᠳᠤᠷᠭᠤ ᠪᠠᠷ ᠠᠵᠢᠯᠯᠠᠵᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠰᠡᠳᠬᠢᠯ ᠢᠶᠠᠨ ᠨᠢᠭᠲᠠᠷᠠᠭᠤᠯᠤᠨ ᠬᠦᠴᠦ ᠪᠠᠨ ᠲᠥᠪᠯᠡᠷᠡᠭᠦᠯᠵᠦ ᠰᠢᠨ᠎ᠡ ᠬᠠᠭᠤᠳᠠᠰᠤ ᠶᠢ ᠪᠢᠴᠢᠭᠯᠡᠶ᠎ᠡ
ᠨᠡᠶᠢᠲᠡᠯᠡᠭᠰᠡᠨ ᠴᠠᠭ᠄
2025/2/17
  ᠲᠠᠯᠠᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠭᠢᠯᠡᠭᠴᠢ ᠯᠢᠦ ᠶᠦᠩ ᠹᠦ᠋  ᠪᠦᠭᠦ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠯᠠᠳ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠨ᠎ᠡ ᠨᠢᠭᠡ ᠵᠢᠯ ᠳᠤ᠂ ᠳᠠᠯᠠᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠣᠣᠷᠠᠬᠢ ᠠᠵᠢᠯ ᠤᠳ ᠢ ᠰᠠᠶᠢᠲᠤᠷ ᠬᠢᠨ᠎ᠡ᠄  ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠎ᠡ᠃ ᠳᠠᠯᠠᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠠᠴᠠ ᠴᠢᠬᠤᠯᠠ ᠤᠴᠢᠷ ᠶᠠᠪᠤᠳᠠᠯ ᠢ ᠵᠥᠪᠰᠢᠶᠡᠷᠡᠬᠦ ᠰᠢᠢᠳᠪᠦᠷᠢ ᠲᠣᠭᠲᠠᠭᠠᠯ ᠢ ᠬᠠᠤᠯᠢ ᠶᠣᠰᠣᠭᠠᠷ ᠴᠠᠭ ᠲᠤᠬᠠᠢ ᠳᠤᠨᠢ ᠭᠠᠷᠭᠠᠵᠤ᠂ ᠴᠢᠬᠤᠯᠠ ᠶᠡᠭᠡ ᠲᠦᠷᠦᠯ ᠵᠦᠢᠯ ᠤᠨ ᠲᠥᠯᠦᠪᠵᠢᠭᠦᠯᠭᠡ ᠶᠢᠨ ᠠᠵᠢᠯᠯᠠᠭ᠎ᠠ ᠶᠢ ᠠᠬᠢᠭᠤᠯᠤᠨ᠂ ᠮᠠᠨ ᠤ ᠬᠤᠰᠢᠭᠤᠨ ᠤ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠭᠡᠨ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠵᠦ᠂ ︽ᠤᠯᠠᠨ ᠡᠨᠧᠷᠭᠢ ᠬᠠᠷᠢᠯᠴᠠᠨ ᠨᠥᠬᠦᠪᠦᠷᠢᠯᠡᠬᠦ︾ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ᠂ ᠭᠡᠷᠡᠯ ᠴᠡᠨᠡᠭ + ᠲᠠᠪᠤᠨ ᠶᠡᠭᠡ ᠬᠡᠷᠡᠭᠯᠡᠭᠡᠨ ᠤ ᠦᠵᠡᠮᠵᠢ᠂ ︽ᠪᠣᠬᠢᠷᠳᠤᠯ ᠦᠭᠡᠢ ᠲᠡᠶᠢᠰᠢ ᠬᠥᠭᠵᠢᠭᠦᠯᠬᠦ︾ ᠲᠠᠪᠤᠨ ᠶᠡᠭᠡ ᠰᠢᠨ᠎ᠡ ᠮᠠᠲ᠋ᠧᠷᠢᠶᠠᠯ ᠤᠨ ᠰᠦᠷᠦᠭᠵᠢᠯ᠂ ︽ᠲᠣᠭᠠᠵᠢᠭᠤᠯᠤᠯᠲᠠ ᠪᠠᠷ ᠬᠦᠴᠦᠨ ᠴᠢᠳᠠᠪᠤᠷᠢ ᠣᠯᠭᠤᠬᠤ︾ ᠢᠷᠡᠭᠡᠳᠦᠢ ᠶᠢᠨ ᠠᠵᠤ ᠦᠢᠯᠡᠰ ᠤᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠲᠣᠭᠲᠠᠯᠴᠠᠭ᠎ᠠ ᠶᠢ ᠪᠠᠶᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠤᠨ᠎ᠠ᠃  ᠴᠢᠨᠠᠷᠵᠢᠯ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠬᠦᠴᠦᠲᠡᠢ ᠬᠢᠨᠠᠯᠲᠠ ᠲᠠᠯᠪᠢᠬᠤ ᠪᠠᠷ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠡᠭᠦᠷᠭᠡᠯᠡᠯ ᠢ ᠢᠯᠡᠷᠡᠭᠦᠯᠦᠨ᠎ᠡ᠃ ᠪᠢᠳᠡ ᠠᠵᠤ ᠠᠬᠤᠢ ᠶᠢᠨ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ 2025 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯᠯᠠᠭ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠵᠠᠰᠠᠭ ᠤᠨ ᠣᠷᠳᠣᠨ ᠤ ᠥᠷᠢ ᠰᠢᠷᠢ ᠶᠢᠨ ᠬᠠᠮᠢᠶᠠᠷᠤᠯᠲᠠ ᠵᠡᠷᠭᠡ ᠲᠠᠯ᠎ᠠ ᠠᠴᠠ ᠬᠢᠨᠠᠯᠲᠠ ᠲᠠᠯᠪᠢᠬᠤ ᠭᠠᠷᠳᠠᠴᠠ ᠶᠢ ᠣᠨᠣᠪᠴᠢᠲᠠᠢ ᠡᠷᠢᠨ ᠣᠯᠵᠤ᠂ ᠪᠦᠭᠦ ᠬᠤᠰᠢᠭᠤᠨ ᠤ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ ᠨᠡᠭᠡᠭᠡᠯᠲᠡᠲᠤ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠯᠠᠨ ᠲᠠᠯ᠎ᠠ ᠶᠢᠨ ︽ᠪᠦᠰᠡᠯᠡᠯᠲᠡ ᠶᠢ ᠰᠢᠪᠲᠤᠯᠬᠤ︾ ᠶᠢ ᠲᠦᠷᠭᠡᠳᠬᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠵᠢᠷᠤᠭᠯᠠᠵᠤ᠂ ᠳᠣᠲᠣᠭᠠᠳᠤ ᠶᠢᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃  ᠤᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠷᠭᠦᠯᠵᠢᠯᠡᠨ ᠦᠢᠯᠡᠳᠦᠯᠭᠡᠵᠢᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃ ᠲᠥᠯᠥᠭᠡᠯᠡᠭᠴᠢᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠭᠦᠢᠴᠡᠳ ᠪᠠᠳᠠᠷᠠᠭᠤᠯᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠢᠯᠡᠳᠦᠯᠭᠡ ᠶᠢᠨ ᠭᠤᠣᠯ ᠰᠢᠵᠢᠮ ᠤᠨ ᠠᠭᠤᠯᠭ᠎ᠠ ᠶᠢ ᠪᠠᠶᠠᠯᠢᠭᠵᠢᠭᠤᠯᠤᠨ᠂ ᠦᠢᠯᠡᠳᠦᠯᠭᠡ ᠶᠢᠨ ᠠᠴᠢᠶᠠᠯᠠᠪᠤᠷᠢ ᠶᠢ ᠲᠡᠭᠦᠯᠳᠡᠷᠵᠢᠭᠦᠯᠵᠦ᠂ ᠦᠢᠯᠡᠳᠦᠯᠭᠡ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠠᠷᠠᠳᠴᠢᠯᠠᠯ ᠢᠶᠠᠷ ᠵᠥᠪᠯᠡᠯᠭᠡ ᠬᠢᠬᠦ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠡᠷᠭᠡ ᠠᠷᠠᠳ ᠤᠨ ᠰᠠᠨᠠᠭ᠎ᠠ ᠶᠢ ᠲᠥᠪᠯᠡᠷᠡᠭᠦᠯᠬᠦ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢᠶᠠᠷ ᠦᠢᠯᠡᠳᠦᠯᠭᠡᠵᠢᠭᠦᠯᠬᠦ ᠰᠠᠭᠤᠷᠢᠨ ᠭᠠᠵᠠᠷ ᠢ ᠲᠠᠭᠢᠨ ᠳᠠᠪᠲᠠᠨ ᠲᠡᠰ ᠳᠡᠪᠰᠢᠭᠦᠯᠦᠨ ᠪᠠᠶᠢᠭᠤᠯᠵᠤ᠂ ᠲᠡᠭᠦᠨ ᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠳᠠᠮᠵᠢᠭᠤᠯᠬᠤ ︽ᠰᠢᠭᠤᠳ ᠨᠡᠪᠲᠡᠷᠡᠬᠦ ᠲᠡᠷᠭᠡ︾᠂ ᠤᠯᠠᠨ ᠲᠦᠮᠡᠨ ᠤ ᠬᠡᠷᠡᠭ ᠵᠥᠪᠯᠡᠬᠦ ︽ᠭᠤᠣᠯ ᠵᠢᠭᠰᠠᠭᠠᠯ ᠤᠨ ᠭᠠᠵᠠᠷ︾ ᠪᠣᠯᠭᠠᠨ᠎ᠠ᠃ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠶᠢ ᠪᠣᠳᠠᠲᠠᠢ ᠠᠳᠬᠤᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠂ ᠠᠷᠠᠳ ᠤᠨ ᠰᠠᠨᠠᠭ᠎ᠠ ᠶᠢ ᠥᠷᠭᠡᠨ ᠢᠶᠠᠷ ᠰᠣᠨᠣᠰᠴᠤ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠬᠤᠰᠢᠭᠤᠨ ᠤ ᠠᠷᠠᠳ ᠲᠦᠮᠡᠨ ᠳᠤ ᠨᠠᠩ ᠢᠯᠡᠭᠦᠦ ᠨᠠᠩ ᠭᠤᠤᠯᠴᠢ ᠪᠠᠷ ᠬᠦᠷᠲᠡᠭᠡᠨ᠎ᠡ᠃ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠤᠯᠪᠣᠭᠳᠠᠯ ᠪᠦᠬᠦᠢ ᠲᠠᠪᠴᠠᠩ ᠤᠨ ᠰᠢᠰᠲ᠋ᠧᠮ ᠪᠠ ᠲᠣᠭᠠᠵᠢᠭᠤᠯᠤᠯᠲᠠ ᠶᠢᠨ ᠬᠡᠷᠡᠭᠯᠡᠭᠡᠨ ᠤ ᠲᠠᠯᠠᠪᠤᠷ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠨ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠠᠶᠢᠲᠤᠷ ᠬᠤᠷᠢᠶᠠᠨ ᠠᠪᠴᠤ ᠰᠢᠢᠳᠪᠦᠷᠢᠯᠡᠬᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠳᠤ ︽ᠲᠣᠭᠠᠵᠢᠭᠤᠯᠤᠯᠲᠠ︾ ᠶᠢᠨ ᠬᠦᠴᠦᠨ ᠴᠢᠳᠠᠯ ᠢ ᠨᠡᠮᠡᠷᠢᠯᠡᠨ᠎ᠡ᠃ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭ᠎ᠠ ᠶᠢᠨ ᠭᠡᠯᠪᠡᠷᠢ ᠶᠢ ᠪᠠᠶᠠᠯᠢᠭᠵᠢᠭᠤᠯᠵᠤ᠂ ᠵᠡᠭᠡᠯᠢ ᠭᠤᠳᠤᠮᠵᠢ ᠶᠢᠨ ᠵᠠᠰᠠᠭ ᠤᠨ ᠶᠠᠪᠤᠳᠠᠯ ᠢ ᠵᠥᠪᠯᠡᠬᠦ ᠲᠥᠯᠥᠭᠡᠯᠡᠭᠴᠢᠳ ᠤᠨ ᠬᠤᠷᠠᠯ ᠤᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠴᠢᠯᠡᠭᠡ ᠪᠠ ᠬᠠᠮᠢᠶᠠᠷᠤᠯᠲᠠ ᠶᠢ ᠴᠢᠩᠭᠠᠳᠬᠠᠵᠤ᠂ ᠠᠭᠤᠯᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠠᠨ ᠶᠠᠩᠵᠤ ᠶᠢᠨ᠂ ᠰᠠᠭᠠᠳ ᠦᠭᠡᠢ᠂ ᠡᠮᠬᠢ ᠵᠢᠷᠤᠮ ᠲᠠᠢ ᠠᠷᠠᠳᠴᠢᠯᠠᠯ ᠤᠨ ᠠᠷᠭ᠎ᠠ ᠵᠠᠮ ᠢ ᠪᠤᠢ ᠪᠤᠯᠭᠠᠵᠤ᠂ ᠨᠡᠩ ᠤᠯᠠᠨ ᠥᠪᠡᠷᠮᠢᠴᠡ ᠣᠨᠴᠠᠯᠢᠭ ᠲᠠᠢ ᠲᠦᠷᠦᠯ ᠲᠡᠮᠳᠡᠭᠲᠦ  ᠶᠢ ᠪᠤᠢ ᠪᠤᠯᠭᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠳᠤ ᠰᠢᠨ᠎ᠡ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠷᠢᠯᠡᠨ᠎ᠡ ᠃ 
ᠢᠷᠡᠯᠲᠡ᠄ ᠲᠣᠯᠠᠭᠠᠨ ᠮᠡᠳᠡᠭᠡ