ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ | 2025 ᠣᠨ ᠳᠤ᠂ ᠥᠪᠥᠷ ᠮᠣᠩᠭᠤᠯ ᠨᠢ ᠡᠮᠨᠡᠯᠭᠡ ᠶᠢᠨ ᠬᠤᠷᠢᠶᠠᠨ ᠳᠤ ᠰᠠᠭᠤᠵᠤ ᠠᠵᠢᠯᠯᠠᠬᠤ ᠡᠮᠴᠢ ᠨᠠᠷ ᠤᠨ ᠵᠢᠷᠤᠮᠵᠢᠭᠰᠠᠨ ᠪᠣᠯᠪᠠᠰᠤᠷᠠᠯ ᠤᠨ | ᠠᠭᠤᠯᠤᠭᠳᠠᠬᠤᠨᠲᠤ ᠪᠠᠶᠢᠭᠤᠯᠤᠯᠲᠠ ᠶᠢ ᠰᠠᠶᠢᠲᠤᠷ ᠬᠢᠵᠦ᠂ ᠲᠡᠭᠦᠰᠦᠭᠰᠡᠨ ᠤ ᠳᠠᠷᠠᠭᠠᠬᠢ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠪᠥᠬᠦ | ᠲᠠᠯ᠎ᠠ ᠪᠠᠷ ᠳᠡᠭᠡᠭᠰᠢᠯᠡᠭᠦᠯᠬᠦ ᠪᠠᠷ ᠪᠠᠶᠢᠨ᠎ᠠ︔ ᠣᠯᠠᠨ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠵᠡᠷᠭᠡ ᠪᠠᠷ ᠬᠡᠷᠡᠭᠯᠡᠵᠦ ︽ᠰᠠᠶᠢᠨ ᠬᠤᠷᠢᠶᠠᠨ ᠳᠠᠷᠤᠭ᠎ᠠ︾ ︽ | ᠰᠠᠶᠢᠨ ᠡᠮᠴᠢ︾ ᠶᠢ ᠤᠷᠢᠨ ᠠᠪᠴᠢᠷᠠᠵᠤ᠂ ᠣᠷᠣᠨ ᠤ ᠳᠣᠲᠣᠨ᠎ᠠ ᠭᠠᠳᠠᠨᠠᠬᠢ ᠨᠥᠬᠦᠴᠡᠯ ᠳᠤ ᠨᠡᠶᠢᠴᠡᠬᠦ ᠳᠡᠭᠡᠳᠦ ᠲᠠᠰ ᠳᠠᠪᠬᠤᠷᠭᠠᠲᠤ ᠪᠤᠭᠤᠷᠤᠯ ᠴᠢᠳᠠᠪᠤᠷᠢᠲᠠᠳ ᠢ | ᠡᠮᠴᠢᠯᠡᠭᠡᠨ ᠤ ᠨᠢᠭᠡᠳᠦᠭᠡᠷ ᠹᠷᠣᠨᠲ ᠲᠤ ᠳᠠᠬᠢᠨ ᠠᠵᠢᠯᠯᠠᠭᠤᠯᠬᠤ ᠪᠠᠷ ᠬᠦᠴᠦᠯᠡᠨ ᠴᠢᠷᠮᠠᠶᠢᠨ᠎ᠠ︔ ᠪᠥᠬᠦ ᠣᠷᠣᠨ ᠳᠠᠬᠢ ᠠᠯᠪᠠᠨ ᠠᠴᠠ ᠪᠠᠶᠢᠭᠤᠯᠤᠭᠰᠠᠨ ᠭᠤᠷᠪᠠᠨ | ᠱᠠᠲᠤᠨ ᠤ ᠡᠮᠨᠡᠯᠭᠡ ᠶᠢᠨ ᠬᠤᠷᠢᠶ᠎ᠠ ᠨᠤᠭᠤᠳ ᠤᠨ ᠤᠳᠤᠷᠢᠳᠬᠤ ᠺᠠᠳ᠋ᠷᠴᠤᠳ ᠤᠨ ᠰᠣᠯᠢᠯᠴᠠᠬᠤ ᠲᠣᠭᠲᠠᠴᠠ ᠶᠢ ᠢᠳᠡᠪᠬᠢᠲᠡᠢ ᠪᠠᠷ ᠰᠦᠪᠡᠭᠴᠢᠯᠡᠨ ᠪᠠᠶᠢᠭᠤᠯᠵᠤ᠂ | ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯᠲᠠᠳ ᠤᠨ ᠠᠵᠢᠯ ᠮᠡᠷᠭᠡᠵᠢᠯ ᠳᠤ ᠬᠠᠨᠳᠤᠭᠤᠯᠤᠭᠰᠠᠨ ᠪᠣᠯᠪᠠᠰᠤᠷᠠᠯ ᠢ ᠠᠬᠢᠭᠤᠯᠤᠨ᠎ᠠ︔ ᠡᠮᠨᠡᠯᠭᠡ ᠶᠢᠨ | ᠠᠵᠢᠯᠲᠠᠳ ᠢ ᠬᠠᠯᠠᠮᠵᠢᠯᠠᠨ ᠬᠠᠶᠢᠷᠠᠯᠠᠵᠤ᠂ ᠣᠶᠢᠯᠠᠭᠠᠯᠴᠠᠨ ᠨᠡᠪᠲᠡᠷᠡᠯᠴᠡᠬᠦ ᠶᠢᠨ ᠪᠦᠲᠦᠮᠵᠢᠲᠡᠢ ᠠᠷᠭ᠎ᠠ ᠵᠠᠮ ᠢ ᠨᠡᠭᠡᠭᠡᠨ᠂ ᠪᠣᠳᠠᠲᠠᠢ ᠬᠦᠴᠢᠷᠳᠡᠯ ᠤᠳ ᠢ ᠨᠢ | ᠬᠠᠪᠰᠤᠷᠤᠨ ᠰᠢᠢᠳᠪᠦᠷᠢᠯᠡᠵᠦ᠂ ᠡᠮᠨᠡᠯᠭᠡ ᠶᠢᠨ ᠠᠵᠢᠯᠲᠠᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | 2025 ᠣᠨ ᠳᠤ᠂ ᠥᠪᠥᠷ ᠮᠣᠩᠭᠤᠯ ᠪᠠᠰᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠬᠥᠭᠵᠢᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠬᠠᠢ ᠲᠤᠰᠢᠶᠠᠯᠲᠤ ᠠᠵᠢᠯᠲᠠᠨ ᠤ ᠡᠩᠨᠡᠭᠡ ᠶᠢᠨ | ᠪᠠᠶᠢᠭᠤᠯᠤᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠢᠳᠡᠷ ᠵᠠᠯᠠᠭᠤ ᠨᠠᠰᠤᠨ ᠤ ᠪᠡᠯᠡᠳᠬᠡᠯ ᠴᠢᠳᠠᠪᠤᠷᠢᠲᠠᠳ ᠢ ᠬᠥᠮᠥᠵᠢᠭᠦᠯᠬᠦ ᠪᠠᠨ ᠴᠢᠩᠭᠠᠳᠬᠠᠨ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠶᠠᠰᠤ ᠴᠢᠨᠠᠷ ᠪᠠ ᠲᠤᠭ᠎ᠠ | ᠬᠡᠮᠵᠢᠶ᠎ᠡ ᠶᠢ ᠲᠠᠰᠤᠷᠠᠯᠲᠠ ᠦᠭᠡᠢ ᠰᠠᠶᠢᠵᠢᠷᠠᠭᠤᠯᠤᠨ ᠨᠡᠮᠡᠭᠳᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠬᠢ ᠰᠢᠨ᠎ᠡ ᠶᠢ ᠡᠭᠦᠳᠬᠦ | ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠠᠤᠯᠢ ᠴᠠᠭᠠᠵᠠ ᠶᠢᠨ ᠪᠠᠶᠢᠭᠤᠯᠤᠯ ᠤᠨ | ᠪᠠᠶᠢᠭᠤᠯᠤᠯᠲᠠ ᠪᠠ ᠠᠵᠢᠯ ᠲᠥᠷᠥᠯ ᠳᠠᠬᠢ ᠶᠡᠷᠦᠩᠬᠡᠶᠢᠯᠡᠭᠰᠡᠨ ᠬᠢᠨᠠᠯᠲᠠ ᠲᠠᠯᠪᠢᠯᠲᠠ ᠪᠠᠨ ᠴᠢᠩᠭᠠᠳᠬᠠᠬᠤ ᠪᠠᠷ ᠪᠣᠢ᠃ ︽ᠥᠪᠡᠷᠲᠡᠭᠡᠨ ᠵᠠᠰᠠᠬᠤ ᠣᠷᠣᠨ ᠤ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠳᠦᠷᠢᠮ︾ ᠢ ᠬᠢᠨᠠᠨ ᠵᠥᠪᠯᠡᠵᠦ ᠵᠠᠰᠠᠪᠤᠷᠢ ᠣᠷᠣᠭᠤᠯᠬᠤ ᠠᠵᠢᠯ ᠢ ᠢᠳᠡᠪᠬᠢᠲᠡᠢ ᠠᠬᠢᠭᠤᠯᠤᠨ᠂ ︽ᠥᠪᠡᠷᠲᠡᠭᠡᠨ | ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠰᠤ ᠬᠠᠨᠳᠢᠪᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠪᠠ ︽ᠥᠪᠡᠷᠲᠡᠭᠡᠨ | ᠵᠠᠰᠠᠬᠤ ᠣᠷᠣᠨ ᠤ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠳᠦᠷᠢᠮ︾ ᠤᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠭᠤᠸ᠎ᠠ ᠰᠠᠶᠢᠬᠠᠨ ᠤ ᠡᠮᠴᠢᠯᠡᠭᠡᠨ ᠤ ᠪᠠᠶᠢᠭᠤᠯᠤᠮᠵᠢ᠂ ᠡᠷᠡᠭᠦᠯ ᠮᠡᠨᠳᠦ ᠶᠢᠨ | ᠪᠠᠶᠢᠴᠠᠭᠠᠯᠲᠠ ᠶᠢᠨ ᠲᠥᠪ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠵᠡᠷᠭᠡ ᠰᠢᠨ᠎ᠡ ᠪᠠᠷ ᠪᠣᠶ ᠪᠣᠯᠤᠭᠰᠠᠨ ᠡᠷᠡᠭᠦᠯ ᠮᠡᠨᠳᠦ ᠶᠢᠨ ᠦᠢᠯᠡᠴᠢᠯᠡᠭᠡᠨ ᠤ ᠭᠤᠣᠯ | ᠴᠣᠭᠴᠠ ᠳᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠷᠠᠳ ᠣᠯᠠᠨ ᠤ ᠠᠰᠢᠭ ᠲᠤᠰᠠ ᠶᠢ ᠬᠤᠬᠢᠷᠠᠭᠤᠯᠤᠭᠰᠠᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠪᠡᠶᠡᠴᠢᠯᠡᠨ ᠮᠡᠳᠡᠷᠡᠬᠦ ᠲᠥᠷᠥᠭᠳᠡᠯ ᠢ | ᠦᠷᠭᠦᠯᠵᠢᠯᠡᠨ ᠰᠠᠶᠢᠵᠢᠷᠠᠭᠤᠯᠤᠨ᠎ᠠ᠃ | |