ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠤᠷᠢᠳ ᠬᠤᠵᠢᠳ ᠮᠢᠩᠭ᠎ᠠ ᠭᠠᠷᠤᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠡᠶᠢᠲᠡᠯᠡᠨ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠲᠠᠪᠤᠨ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢᠨ ᠦᠨᠡᠯᠡᠨ ᠵᠢᠱᠢᠯᠲᠡ ᠳᠤ ᠲᠡᠷᠢᠭᠦᠯᠡᠨ᠂ | ︽ᠲᠠᠪᠤᠨ ᠵᠢᠯ ᠳᠠᠷᠠᠭᠠᠯᠠᠨ ᠮᠠᠩᠯᠠᠶᠢᠯᠠᠬᠤ︾ ᠶᠢ ᠪᠡᠶᠡᠯᠡᠭᠦᠯᠪᠡ᠃ | ᠴᠠᠭᠠᠨ ᠰᠠᠷ᠎ᠠ ᠶᠢᠨ ᠠᠮᠠᠷᠠᠯᠲᠠ ᠳᠠᠭᠤᠰᠤᠭᠰᠠᠨ ᠠᠩᠬᠠᠨ ᠤ ᠡᠳᠦᠷ᠂ ᠬᠤᠲᠠ ᠶᠢᠨ ᠠᠷᠠᠳ ᠵᠢᠶᠠ ᠢᠦᠢ ᠸᠧᠢ ᠬᠤᠲᠠ ᠶᠢᠨ ᠥᠯᠥ ᠬᠥᠳᠡᠯᠬᠦ ᠬᠥᠷᠥᠩᠭᠡ ᠶᠢ | ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠳᠤ ᠬᠦᠷᠴᠦ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠰᠢᠯᠵᠢᠭᠦᠯᠦᠨ | ᠳᠠᠩᠰᠠᠯᠠᠭᠤᠯᠬᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠪᠡ᠃ ᠲᠡᠷᠡ ᠴᠣᠩᠬᠤᠪᠴᠢ ᠳᠤ ᠭᠡᠷ᠎ᠡ ᠶᠢᠨ ᠭᠠᠶᠢᠯᠢ᠂ ᠳᠡᠩᠰᠡᠯᠡᠨ ᠲᠡᠮᠳᠡᠭᠯᠡᠬᠦ ᠰᠦᠢᠳᠬᠡᠯ ᠵᠡᠷᠭᠡ ᠠᠵᠢᠯ ᠢ | ᠨᠢᠭᠡ ᠯᠡ ᠤᠳᠠᠭ᠎ᠠ ᠳᠤ ᠪᠡᠶᠡᠯᠡᠭᠦᠯᠵᠡᠢ᠃ ᠵᠢᠶᠠ ᠢᠦᠢ ᠸᠧᠢ᠄︽ᠥᠩᠭᠡᠷᠡᠭᠰᠡᠨ ᠳᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠬᠦ ᠳᠤ ᠶᠠᠪᠤᠴᠠ ᠨᠢ ᠨᠡᠯᠢᠶᠡᠳ | ᠪᠤᠳᠤᠯᠢᠶᠠᠨᠲᠠᠢ ᠪᠠᠶᠢᠵᠠᠢ᠃ ᠣᠲᠣ ᠭᠠᠷ ᠤᠲᠠᠰᠤᠨ ᠳᠡᠭᠡᠷ᠎ᠡ ᠰᠢᠭᠤᠳ ᠤᠴᠢᠷ ᠶᠠᠪᠤᠳᠠᠯ ᠢᠶᠠᠨ ᠰᠢᠢᠳᠪᠦᠷᠢᠯᠡᠵᠦ ᠪᠣᠯᠣᠨ᠎ᠠ᠃ ᠪᠢᠳᠠᠨ ᠳᠤ ᠶᠡᠭᠡ ᠳᠦᠭᠦᠮ ᠪᠣᠯᠤᠭᠰᠠᠨ | ᠪᠠᠶᠢᠨ᠎ᠠ︾ ᠭᠡᠯᠡ᠃ | ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠡᠷᠭᠢᠯᠡᠭᠴᠢ ᠾᠧᠦ ᠶᠠᠨ ᠰᠢᠩ᠄︽ᠪᠢᠳᠡ ᠰᠠᠯᠠᠭ᠎ᠠ ᠮᠥᠴᠢᠷ ᠤᠨ | ᠬᠤᠭᠤᠷᠣᠨᠳᠣᠭᠢ ᠬᠠᠮᠵᠢᠯᠴᠠᠭ᠎ᠠ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ︿ᠭᠠᠶᠢᠯᠢ | ᠰᠦᠢᠳᠬᠡᠯ ᠢ ᠵᠡᠷᠭᠡ ᠪᠠᠷ ᠲᠤᠰᠢᠶᠠᠬᠤ﹀ ᠲᠤᠬᠠᠶᠢᠯᠠᠭᠰᠠᠨ ᠠᠵᠢᠯ ᠢ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠪᠠᠭᠠᠰᠬᠠᠨ᠂ ᠠᠵᠢᠯ ᠶᠠᠪᠤᠳᠠᠯ | ᠭᠦᠢᠴᠡᠳᠬᠡᠬᠦ ᠴᠠᠭ ᠢ ᠪᠠᠭᠠᠰᠬᠠᠪᠠ︾ᠭᠡᠪᠡ᠃ | ᠠᠷᠠᠳ ᠲᠤ ᠲᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠬᠦ ᠶᠢᠨ ᠲᠥᠯᠥᠭᠡ᠂ ᠮᠠᠨ ᠤ ᠬᠤᠲᠠ ᠤᠰᠤ | ᠴᠠᠭᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠲᠣᠣᠷ ᠤᠨ ᠮᠡᠳᠡᠭᠦᠯᠦᠨ ᠤᠭᠰᠠᠷᠠᠭᠤᠯᠬᠤ ᠦᠢᠯᠡᠴᠢᠯᠡᠭᠡᠨ ᠤ ᠬᠦᠴᠢᠷᠳᠡᠯ ᠢ ᠴᠢᠩᠭ᠎ᠠ ᠠᠩᠬᠠᠷᠴᠤ᠂ ᠮᠡᠳᠡᠭᠦᠯᠦᠨ | ᠤᠭᠰᠠᠷᠠᠭᠤᠯᠬᠤ ᠶᠢ ᠭᠦᠢᠴᠡᠳᠬᠡᠬᠦ ᠭᠤᠭᠴᠤᠭ᠎ᠠ ᠶᠢ ᠡᠮᠬᠢᠯᠡᠨ ᠨᠡᠶᠢᠯᠡᠭᠦᠯᠵᠡᠢ᠃ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠤᠰᠤ ᠬᠡᠷᠡᠭᠯᠡᠬᠦ᠂ ᠰᠢᠲᠠᠮᠠᠬᠠᠢ ᠬᠡᠢ ᠬᠡᠷᠡᠭᠯᠡᠬᠦ᠂ | ᠳᠤᠯᠠᠭᠠᠯᠠᠭ᠎ᠠ ᠤᠭᠰᠠᠷᠠᠬᠤ ᠵᠡᠷᠭᠡ ᠶᠢ ᠴᠥᠮ 2 ᠠᠵᠢᠯᠯᠠᠬᠤ ᠡᠳᠦᠷ ᠤᠨ ᠳᠣᠲᠣᠷ᠎ᠠ ᠪᠠᠭᠠᠰᠬᠠᠨ ᠳᠠᠭᠤᠰᠬᠠᠵᠤ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠳᠤ ᠬᠠᠨᠤᠮᠵᠢᠲᠠᠶ ᠪᠠᠶᠢᠬᠤ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠡᠢ᠃ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠰᠠᠯᠠᠭᠠᠨ ᠤ ᠳᠠᠷᠤᠭ᠎ᠠ ᠭᠤᠸ ᠴᠦᠨ ᠶᠠᠩ᠄︽ᠪᠢᠳᠡ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ︿ᠤᠴᠢᠷ ᠶᠠᠪᠤᠳᠠᠯ | ᠭᠦᠢᠴᠡᠳᠬᠡᠬᠦ ᠳᠤ ᠬᠦᠴᠢᠷᠲᠡᠢ᠂ ᠤᠴᠢᠷ ᠶᠠᠪᠤᠳᠠᠯ ᠭᠦᠢᠴᠡᠳᠬᠡᠬᠦ ᠳᠤ ᠲᠦᠪᠡᠭᠲᠡᠢ᠂ ᠤᠴᠢᠷ ᠶᠠᠪᠤᠳᠠᠯ ᠭᠦᠢᠴᠡᠳᠬᠡᠬᠦ ᠳᠤ ᠤᠳᠠᠭᠠᠨ﹀ ᠪᠠᠶᠢᠬᠤ ᠬᠦᠴᠢᠷ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠪᠡ︾ᠭᠡᠪᠡ᠃ | ᠰᠢᠯᠢᠳᠡᠭ ᠬᠤᠳᠠᠯᠳᠤᠭ᠎ᠠ ᠡᠷᠭᠢᠯᠡᠭᠦ ᠣᠷᠴᠢᠨ ᠠᠬᠤᠢ ᠪᠣᠯ ᠬᠥᠭᠵᠢᠯᠲᠡ ᠶᠢᠨ ᠬᠤᠷᠳᠤᠳᠬᠠᠭᠤᠷ ᠮᠥᠨ᠃ ᠣᠶᠢᠷ᠎ᠠ ᠶᠢᠨ ᠵᠢᠯ ᠤᠳ ᠲᠤ᠂ ᠮᠠᠨ ᠤ ᠬᠤᠲᠠ | ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢ ᠰᠢᠯᠢᠳᠡᠭᠵᠢᠭᠦᠯᠬᠦ ᠠᠵᠢᠯ ᠢ︽ᠨᠢᠭᠡᠳᠦᠭᠡᠷ ᠬᠠᠷᠢᠭᠤᠴᠠᠯᠭᠠᠲᠠᠨ︾ ᠤ ᠢᠨᠵᠧᠨᠧᠷᠢᠩ ᠪᠤᠯᠭᠠᠵᠤ᠂︽ᠳᠤᠯᠠᠭᠠᠨ ᠬᠤᠲᠠ·ᠲᠠᠪᠤᠨ | ᠬᠠᠨᠤᠮᠵᠢᠲᠡᠢ︾ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢᠨ ᠲᠦᠷᠦᠯ ᠲᠡᠮᠳᠡᠭᠲᠦ ᠶᠢ ᠪᠦᠭᠦ ᠬᠦᠴᠦᠨ ᠢᠶᠠᠷ ᠢᠶᠠᠨ ᠡᠭᠦᠳᠴᠦ᠂ ᠵᠠᠰᠠᠭ ᠤᠨ ᠶᠠᠪᠤᠳᠠᠯ ᠤᠨ ᠣᠷᠴᠢᠨ | ᠠᠬᠤᠢ᠂ ᠵᠠᠬ᠎ᠠ ᠳᠡᠯᠭᠡᠭᠦᠷ ᠤᠨ ᠣᠷᠴᠢᠨ ᠠᠬᠤᠢ᠂ ᠬᠠᠤᠯᠢᠵᠢᠯ ᠤᠨ ᠣᠷᠴᠢᠨ ᠠᠬᠤᠢ᠂ ᠨᠡᠶᠢᠭᠡᠮ ᠤᠨ ᠣᠷᠴᠢᠨ ᠠᠬᠤᠢ︽ᠳᠥᠷᠪᠡᠨ ᠣᠷᠴᠢᠨ ᠠᠬᠤᠢ︾ ᠶᠢ ᠨᠢᠭᠡ | ᠴᠣᠭᠴᠠᠵᠢᠭᠤᠯᠤᠨ ᠰᠢᠯᠢᠳᠡᠭᠵᠢᠭᠦᠯᠦᠨ ᠠᠬᠢᠭᠤᠯᠬᠤ ᠶᠢ ᠠᠬᠢᠭᠤᠯᠤᠨ᠂ ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢ ᠰᠢᠯᠢᠳᠡᠭᠵᠢᠭᠦᠯᠬᠦ 1.0 ᠠᠴᠠ 5.0 ᠬᠡᠪ ᠤᠨ | ᠲᠥᠰᠥᠯ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠠᠬᠢᠭᠤᠯᠤᠨ᠂ | ︽2024 ᠣᠨ ᠤ ᠣᠯᠠᠨ ᠤᠯᠤᠰᠴᠢᠯᠠᠭᠰᠠᠨ ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠡᠪ ᠳᠠᠭᠤᠷᠢᠶᠠᠯ ᠤᠨ ᠬᠤᠲᠠ︾᠂ | ︽2024 ᠣᠨ ᠤ ᠴᠢᠨᠠᠷ ᠰᠠᠶᠢᠲᠠᠢ ᠬᠥᠭᠵᠢᠯᠲᠡ ᠶᠢᠨ ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢᠨ ᠰᠢᠯᠢᠳᠡᠭ ᠬᠤᠲᠠ︾ᠵᠡᠷᠭᠡ ᠢᠷᠠᠭᠤ ᠠᠯᠳᠠᠷ ᠢ ᠭᠦᠷᠳᠡᠪᠡ᠃ | 2024 ᠣᠨ ᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢᠨ ᠦᠨᠡᠯᠡᠨ ᠵᠢᠱᠢᠯᠲᠡ ᠳᠤ ᠲᠡᠷᠢᠭᠦᠯᠡᠵᠦ᠂︽ᠲᠠᠪᠤᠨ ᠵᠢᠯ ᠳᠠᠷᠠᠭᠠᠯᠠᠨ | ᠮᠠᠩᠯᠠᠶᠢᠯᠠᠬᠤ︾ ᠶᠢ ᠪᠡᠶᠡᠯᠡᠭᠦᠯᠵᠡᠢ᠃ | ︽ᠲᠠᠷᠠᠭᠠᠴᠢ ᠶᠢᠨ ᠠᠯᠬᠤᠮ ᠳᠤ᠂ ᠪᠢᠳᠡ ᠪᠦᠭᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠣᠷᠳᠣᠰ ᠬᠤᠲᠠ ᠶᠢᠨ ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢ ᠰᠢᠯᠢᠳᠡᠭᠵᠢᠭᠦᠯᠬᠦ 6.0 ᠬᠡᠪ ᠤᠨ ᠲᠥᠰᠥᠯ ᠢ ᠨᠡᠶᠢᠲᠡᠯᠡᠨ᠎ᠡ᠃ | ᠠᠵᠤ ᠠᠬᠤᠶᠢᠯᠠᠯ ᠤᠨ ᠦᠨᠡᠯᠡᠯᠲᠡ ᠪᠠᠷ ᠲᠡᠷᠢᠭᠦᠨ ᠴᠢᠬᠤᠯᠠ ᠡᠭᠦᠷᠭᠡ ᠪᠤᠯᠭᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠲᠥᠷᠥᠭᠳᠡᠯ ᠢᠶᠠᠷ ᠨᠢᠭᠡᠳᠦᠭᠡᠷ | ᠲᠥᠷᠥᠭᠳᠡᠯ ᠪᠤᠯᠭᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠠᠬᠤᠢ ᠶᠢ ᠣᠷᠳᠣᠰ ᠤᠨ ᠪᠣᠳᠠᠲᠤ | ᠬᠦᠴᠦᠨ ᠪᠣᠯᠭᠠᠨ᠎ᠠ︾ᠭᠡᠵᠦ ᠬᠤᠲᠠ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠡᠷᠭᠢᠯᠡᠭᠴᠢ ᠰᠦ᠋ ᠵᠢᠶᠦ᠋ᠨ ᠵᠢᠶᠧ ᠶᠠᠷᠢᠵᠤ ᠪᠠᠶᠢᠯ᠎ᠠ ᠃ | |