ᠰᠦᠯᠵᠢᠶᠡᠨ ᠤ ᠠᠮᠤᠷ ᠲᠦᠪᠰᠢᠨ ᠢ ᠨᠢᠭᠡ ᠴᠣᠭᠴᠠᠵᠢᠭᠤᠯᠬᠤ ᠵᠣᠬᠢᠴᠠᠯᠳᠤᠭᠤᠯᠤᠨ ᠠᠵᠢᠯᠯᠠᠭᠤᠯᠬᠤ ᠲᠠᠪᠴᠠᠩ
ᠨᠡᠶᠢᠲᠡᠯᠡᠭᠰᠡᠨ ᠴᠠᠭ᠄
2025/2/17
  ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠲᠦᠷᠦᠭᠦᠯᠡᠨ ᠮᠡᠳᠡᠭᠦᠯᠦᠭᠰᠡᠨ ︽ᠰᠦᠯᠵᠢᠶᠡᠨ ᠤ ᠠᠮᠤᠷ ᠲᠦᠪᠰᠢᠨ ᠢ ᠨᠢᠭᠡ ᠴᠣᠭᠴᠠᠵᠢᠭᠤᠯᠬᠤ ᠵᠣᠬᠢᠴᠠᠯᠳᠤᠭᠤᠯᠤᠨ ᠠᠵᠢᠯᠯᠠᠭᠤᠯᠬᠤ ᠲᠠᠪᠴᠠᠩ︾ ᠤᠨ ᠲᠥᠷᠥᠯ ᠵᠦᠢᠯ ᠨᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠵᠡᠷᠭᠡ 13 ᠰᠠᠯᠠᠭ᠎ᠠ ᠮᠥᠴᠢᠷ ᠤᠨ ᠬᠠᠮᠲᠤᠷᠠᠨ ᠨᠡᠶᠢᠲᠡᠯᠡᠭᠰᠡᠨ ︽2024 ᠣᠨ ᠳᠠᠬᠢ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠤᠨ ᠬᠡᠷᠡᠭᠯᠡᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠥᠷᠥᠯ ᠵᠦᠢᠯ︾ ᠤᠨ ᠨᠡᠷᠡᠰ ᠲᠤ ᠰᠣᠩᠭᠤᠭᠳᠠᠨ ᠣᠷᠣᠪᠠ᠃ ᠡᠨᠡ ᠨᠢ ᠮᠠᠨ ᠤ ᠣᠷᠣᠨ ᠠᠴᠠ ᠰᠣᠩᠭᠤᠭᠳᠠᠭᠰᠠᠨ ᠴᠣᠷ ᠤᠨ ᠭᠠᠭᠴᠠ ᠬᠡᠷᠡᠭ ᠤᠨ ᠵᠢᠱᠢᠶ᠎ᠡ ᠪᠣᠯᠪᠠ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ