ᠣᠷᠳᠣᠰ ᠬᠤᠲᠠ ᠶᠢᠨ ᠰᠣᠶᠣᠯ ᠵᠤᠭᠠᠴᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢᠨ ᠠᠵᠢᠯᠯᠠᠭ᠎ᠠ ᠺᠤᠷᠢᠶᠠ ᠶᠢᠨ ᠰᠧᠦ᠋ᠯ ᠬᠤᠲᠠ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2025/2/24
  ᠣᠶᠢᠷ᠎ᠠ ᠶᠢᠨ ᠡᠳᠦᠷ ᠂ ︽ᠰᠠᠶᠢᠨ ᠪᠠᠶᠢᠨ᠎ᠠ ᠦᠦ ︕ ᠳᠤᠮᠳᠠᠳᠤ ᠤᠯᠤᠰ︾ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠰᠣᠶᠣᠯ ᠵᠤᠭᠠᠴᠠᠯ ᠤᠨ ᠲᠠᠨᠢᠯᠴᠠᠭᠤᠯᠭ᠎ᠠ ᠶᠢᠨ ᠬᠤᠷᠠᠯ ᠺᠤᠷᠢᠶᠠ ᠶᠢᠨ ᠰᠧᠦ᠋ᠯ ᠬᠤᠲᠠ ᠳᠤ ᠶᠠᠪᠤᠭᠳᠠᠵᠤ᠂ ᠲᠤᠰ ᠠᠵᠢᠯᠯᠠᠭ᠎ᠠ ᠶᠢ ᠰᠣᠶᠣᠯ ᠵᠤᠭᠠᠴᠠᠯ ᠤᠨ ᠶᠠᠮᠤᠨ ᠤ ᠳᠤᠮᠳᠠᠳᠤ ᠭᠠᠳᠠᠭᠠᠳᠤ ᠶᠢᠨ ᠰᠣᠶᠣᠯ ᠤᠨ ᠰᠣᠯᠢᠯᠴᠠᠭᠠᠨ ᠤ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠤᠭᠠᠴᠠᠯ ᠤᠨ ᠲᠢᠩᠬᠢᠮ᠂ ᠰᠧᠦ᠋ᠯ ᠬᠤᠲᠠ ᠶᠢᠨ ᠳᠤᠮᠳᠠᠳᠤ ᠤᠯᠤᠰ ᠤᠨ ᠰᠣᠶᠣᠯ ᠤᠨ ᠲᠥᠪ ᠬᠠᠮᠲᠤᠷᠠᠨ ᠡᠷᠭᠢᠯᠡᠪᠡ᠃ ᠣᠷᠳᠣᠰ ᠬᠤᠲᠠ ᠶᠢᠨ ᠰᠣᠶᠣᠯ ᠪᠠ ᠵᠤᠭᠠᠴᠠᠯ ᠤᠨ ᠲᠣᠪᠴᠢᠶ᠎ᠠ ᠶᠢᠨ ᠬᠢᠨ ᠪᠦᠷᠢᠶ᠎ᠡ ᠮᠠᠩᠬᠠᠨ ᠤ ᠵᠤᠭᠠᠴᠠᠯ ᠤᠨ ᠣᠷᠣᠨ᠂ ᠣᠷᠳᠣᠰ ᠲᠠᠯ᠎ᠠ ᠨᠤᠲᠤᠭ ᠤᠨ ᠵᠤᠭᠠᠴᠠᠯ ᠤᠨ ᠣᠷᠣᠨ᠂ ᠢᠩᠭᠡᠨ ᠲᠠᠯ᠎ᠠ ᠡᠯᠡᠰᠦᠨ ᠴᠥᠯ ᠤᠨ ᠠᠮᠢ ᠠᠬᠤᠢ ᠶᠢᠨ ᠰᠣᠶᠣᠯ ᠵᠤᠭᠠᠴᠠᠯ ᠤᠨ ᠣᠷᠣᠨ ᠪ᠊ ᠬᠠᠷᠢᠭᠤᠴᠠᠯᠭᠠᠲᠠᠳ ᠢ ᠵᠣᠬᠢᠶᠠᠨ ᠪᠠᠶᠢᠭᠤᠯᠵᠤ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠭᠤᠯᠵᠤ᠂ ᠣᠷᠳᠣᠰ ᠤᠨ ᠡᠯᠪᠡᠭ ᠪᠠᠶᠠᠯᠢᠭ ᠰᠣᠶᠣᠯ ᠵᠤᠭᠠᠴᠠᠯ ᠤᠨ ᠡᠬᠢ ᠪᠠᠶᠠᠯᠢᠭ ᠪᠠ ᠭᠦᠨ ᠵᠤᠵᠠᠭᠠᠨ ᠰᠣᠶᠣᠯ ᠤᠨ ᠠᠭᠤᠯᠬᠤᠨ ᠢ ᠪᠦᠭᠦ ᠲᠠᠯ᠎ᠠ ᠪᠠᠷ ᠳᠡᠯᠭᠡᠨ ᠦᠵᠡᠭᠦᠯᠵᠦ᠂ ︽ᠳᠤᠯᠠᠭᠠᠨ ᠬᠤᠲᠠ ᠣᠷᠳᠣᠰ︾ ᠤᠨ ᠨᠡᠷ᠎ᠡ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠣᠷᠳᠣᠰ ᠬᠤᠲᠠ ᠶᠢᠨ ᠰᠣᠶᠣᠯ ᠪᠠ ᠵᠤᠭᠠᠴᠠᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠤᠷᠠᠯ ᠳᠤ ᠣᠷᠣᠯᠴᠠᠬᠰᠠᠨ ᠠᠵᠤ ᠠᠬᠤᠶᠢᠯᠠᠯ ᠳᠤ ᠣᠷᠳᠣᠰ ᠤᠨ ᠪᠣᠷᠣᠳᠣᠬᠤᠢ ᠶᠢᠨ ᠰᠣᠶᠣᠯ᠂ ᠬᠦᠷᠡᠯ ᠪᠠᠭᠠᠵᠢ ᠶᠢᠨ ᠰᠣᠶᠣᠯ ᠵᠡᠷᠭᠡ ᠲᠡᠦᠬᠡ ᠰᠣᠶᠣᠯ ᠤᠨ ᠡᠬᠢ ᠪᠠᠶᠠᠯᠢᠭ᠂ ᠡᠯᠡᠰᠦᠨ ᠴᠥᠯ᠂ ᠬᠠᠳᠤᠨ ᠭᠤᠣᠯ᠂ ᠲᠠᠯ᠎ᠠ ᠨᠤᠲᠤᠭ᠂ ᠶᠡᠭᠡ ᠬᠠᠪᠴᠢᠯ ᠵᠡᠷᠭᠡ ᠪᠠᠶᠢᠭᠠᠯᠢ ᠶᠢᠨ ᠦᠵᠡᠮᠵᠢ ᠵᠢᠴᠢ ᠮᠠᠩᠬᠠᠨ ᠠᠶᠠᠯᠭᠤ᠂ ᠪᠣᠭᠤᠨᠢ ᠠᠶᠠᠯᠭᠤᠲᠤ ᠠᠷᠠᠳ ᠤᠨ ᠳᠠᠭᠤᠤ᠂ ᠭᠦᠷᠦ ᠳᠠᠭᠤᠤ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠢ ᠪᠦᠭᠦ ᠲᠠᠯ᠎ᠠ ᠪᠠᠷ ᠲᠠᠨᠢᠯᠴᠠᠭᠤᠯᠵᠤ᠂ ᠺᠤᠷᠢᠶᠠ ᠶᠢᠨ ᠵᠤᠭᠠᠴᠠᠯ ᠤᠨ ᠬᠤᠳᠠᠯᠳᠤᠭᠠᠴᠢᠨ ᠪᠣᠯᠣᠨ ᠥᠷᠭᠡᠨ ᠤᠯᠠᠨ ᠵᠤᠭᠠᠴᠠᠭᠴᠢ ᠶᠢ ᠳᠤᠯᠠᠭᠠᠨ ᠬᠤᠳᠠ ᠣᠷᠳᠣᠰ ᠲᠤ ᠢᠷᠡᠭᠦᠯᠦᠨ᠂ ᠭᠡᠷᠡᠯ ᠰᠠᠴᠤᠷᠠᠩᠭᠤᠢ ᠰᠣᠶᠣᠯ ᠢ ᠣᠶᠢᠯᠠᠭᠠᠭᠤᠯᠵᠤ᠂ ᠰᠦᠷᠯᠢᠭ ᠰᠠᠶᠢᠬᠠᠨ ᠠᠭᠤᠯᠠ ᠤᠰᠤ ᠪᠠᠷ ᠰᠡᠯᠡᠭᠦᠴᠡᠨ ᠵᠤᠭᠠᠴᠠᠭᠤᠯᠵᠤ᠂ ᠤᠯᠠᠮᠵᠢᠯᠠᠯᠲᠤ ᠠᠷᠠᠳ ᠤᠨ ᠵᠠᠩ ᠦᠢᠯᠡ ᠶᠢ ᠪᠡᠶᠡᠴᠢᠯᠡᠨ ᠣᠶᠢᠯᠠᠭᠠᠬᠤ ᠶᠢ ᠴᠢᠩ ᠰᠡᠳᠬᠢᠯ ᠠᠴᠠ ᠪᠠᠨ ᠤᠷᠢᠪᠠ ᠃  ᠪᠦᠷᠢᠶ᠎ᠡ ᠮᠠᠩᠬᠠᠨ ᠤ ᠵᠤᠭᠠᠴᠠᠯ ᠤᠨ ᠣᠷᠣᠨ᠂ ᠣᠷᠳᠣᠰ ᠲᠠᠯ᠎ᠠ ᠨᠤᠲᠤᠭ ᠤᠨ ᠵᠤᠭᠠᠴᠠᠯ ᠤᠨ ᠣᠷᠣᠨ᠂ ᠢᠩᠭᠡᠨ ᠲᠠᠯ᠎ᠠ ᠡᠯᠡᠰᠦᠨ ᠴᠦᠯ ᠤᠨ ᠠᠮᠢ ᠠᠬᠤᠢ ᠶᠢᠨ ᠰᠣᠶᠣᠯ ᠵᠤᠭᠠᠴᠠᠯ ᠤᠨ ᠣᠷᠣᠨ ᠵᠡᠷᠭᠡ 3 ᠦᠵᠡᠮᠵᠢ ᠶᠢᠨ ᠣᠷᠣᠨ ᠤ ᠰᠣᠶᠣᠯ ᠵᠤᠭᠠᠴᠠᠯ ᠤᠨ ᠪᠦᠲᠦᠭᠡᠭᠳᠡᠬᠦᠨ ᠤ ᠲᠣᠭᠤᠷᠢᠨ ᠳᠤ ᠭᠦᠨᠵᠡᠭᠡᠢ ᠲᠠᠨᠢᠯᠴᠠᠭᠤᠯᠭ᠎ᠠ ᠬᠢᠪᠡ᠃ 2024 ᠣᠨ ᠳᠤ᠂ ᠣᠷᠳᠣᠰ ᠬᠤᠲᠠ ᠬᠢᠯᠢ ᠪᠠᠷ ᠣᠷᠣᠬᠤ ᠵᠤᠭᠠᠴᠠᠯ ᠢ ᠶᠡᠭᠡ ᠪᠠᠷ ᠬᠥᠭᠵᠢᠭᠦᠯᠵᠦ᠂ ᠬᠢᠯᠢ ᠪᠠᠷ ᠣᠷᠣᠬᠤ ᠵᠤᠭᠠᠴᠠᠯ ᠤᠨ ᠠᠵᠢᠯᠯᠠᠭ᠎ᠠ ᠶᠢ ᠡᠷᠴᠢᠮᠲᠡᠢ ᠬᠡᠷᠡᠭᠵᠢᠭᠦᠯᠵᠦ᠂ ᠬᠢᠯᠢ ᠪᠠᠷ ᠣᠷᠣᠬᠤ ᠵᠤᠭᠠᠴᠠᠯ ᠤᠨ ᠦᠢᠯᠡᠴᠢᠯᠡᠭᠡ ᠪᠠᠲᠤᠯᠠᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠣᠳᠣᠬᠠᠨ ᠳᠤ ᠨᠢᠭᠡᠨᠲᠡ ᠺᠤᠷᠢᠶᠠ ᠶᠢᠨ ᠰᠧᠦ᠋ᠯ᠂ ᠴᠢᠩᠵᠸᠤ᠂ ᠭᠤᠸᠠᠩᠵᠧᠦ᠂ ᠵᠢᠵᠧᠦ ᠠᠴᠠ ᠣᠷᠳᠣᠰ ᠲᠤ ᠰᠢᠭᠤᠳ ᠬᠦᠷᠬᠦ ᠠᠭᠠᠷ ᠤᠨ ᠠᠶᠠᠯᠠᠯ ᠤᠨ ᠱᠤᠭᠤᠮ ᠢ ᠨᠠᠪᠲᠠᠷᠡᠭᠦᠯᠵᠦ᠂ ᠺᠤᠷᠢᠶᠠ ᠤᠯᠤᠰ ᠤᠨ ᠬᠢᠯᠢ ᠪᠠᠷ ᠤᠷᠤᠵᠦ ᠨᠢᠰᠬᠡᠯ ᠢᠶᠠᠷ ᠵᠤᠭᠠᠴᠠᠭᠰᠠᠳ ᠤᠨ ᠲᠤᠭ᠎ᠠ 108 ᠡᠭᠡᠯᠵᠢ 1 ᠲᠦᠮᠡ ᠭᠠᠷᠤᠢ ᠬᠥᠮᠥᠨ ᠤᠳᠠᠭ᠎ᠠ ᠳᠤ ᠬᠦᠷᠴᠡᠢ᠃ ᠲᠠᠷᠠᠭᠠᠴᠢ ᠶᠢᠨ ᠠᠯᠬᠤᠮ ᠳᠤ᠂ ᠣᠷᠳᠣᠰ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠵᠤᠭᠠᠴᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ ᠬᠢᠯᠢ ᠪᠠᠷ ᠥᠩᠭᠡᠷᠡᠬᠦ ᠳᠤ ᠸᠢᠰᠠ ᠠᠪᠬᠤ ᠦᠭᠡᠢ ᠲᠥᠷᠥ ᠶᠢᠨ ᠪᠣᠳᠣᠯᠭ᠎ᠠ ᠶᠢᠨ ᠠᠵᠠ ᠲᠣᠭᠢᠶᠠᠯ ᠢ ᠠᠳᠬᠤᠨ᠂ ᠰᠢᠭᠤᠳ ᠨᠢᠰᠬᠦ ᠠᠶᠠᠯᠠᠯ ᠤᠨ ᠱᠤᠭᠤᠮ ᠢ ᠦᠷᠭᠦᠯᠵᠢᠯᠡᠨ ᠨᠠᠪᠲᠠᠷᠡᠭᠦᠯᠵᠦ᠂ ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠬᠢᠯᠢ ᠪᠠᠷ ᠣᠷᠣᠬᠤ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ ᠃ 
ᠢᠷᠡᠯᠲᠡ᠄ ᠲᠤᠯᠠᠭᠠᠨ ᠮᠡᠳᠡᠭᠡ