ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ  ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ
ᠨᠡᠶᠢᠲᠡᠯᠡᠭᠰᠡᠨ ᠴᠠᠭ᠄
2025/2/6
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ             ᠥᠪᠥᠷ ᠵᠠᠰᠠᠭ ᠠᠯᠪᠠᠨ ᠲᠠᠷᠬᠠᠭᠠᠭᠰᠠᠨ ﹇2024 ﹈ 61 ᠳ᠋ᠦ᠋ᠭᠡᠷ ᠲᠣᠭᠠᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄       ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ  ᠨᠦᠭᠦᠳ ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ ᠃                                                         2024 ᠣᠨ ᠤ 12 ᠳ᠋ᠤᠭᠠᠷ ᠰᠠᠷ᠎ᠠ ᠶᠢᠨ 31 ᠤ ᠡᠳᠦᠷ      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ      ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ ᠂ ᠬᠡᠪᠴᠢᠶᠡᠵᠢᠭᠰᠡᠨ ᠂ ᠠᠵᠤ ᠦᠢᠯᠡᠰᠵᠢᠭᠰᠡᠨ ᠂ ᠨᠠᠷᠠᠲᠤ ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠲᠦᠷᠭᠡᠬᠡᠨ ᠪᠡᠶᠡᠯᠡᠭᠦᠯᠵᠦ ᠂ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠭᠠᠷᠤᠯᠲᠠ ᠶᠢᠨ ᠲᠣᠮᠣ ᠣᠷᠣᠨ ᠪᠠᠶᠢᠭᠰᠠᠨ ᠠᠴᠠ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ ᠠᠬᠢᠭᠤᠯᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠂ ᠳᠣᠣᠷᠠᠬᠢ ᠮᠡᠲᠦ ᠠᠷᠭ᠎ᠠ ᠬᠡᠮᠵᠢᠶ᠎ᠡ ᠨᠦᠭᠦᠳ ᠢ ᠲᠣᠭᠲᠠᠭᠠᠪᠠ ᠃       ᠨᠢᠭᠡ ᠂ ᠣᠲᠣ ᠶᠢᠨ ᠪᠠᠶᠢᠭ᠎ᠠ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠨ᠎ᠡ      2024 ᠣᠨ ︵ᠪᠠᠭᠲᠠᠨ᠎ᠠ ︶ ᠠᠴᠠ ᠬᠤᠶᠢᠰᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠂ ᠬᠡᠪᠴᠢᠶᠡᠵᠢᠯ ᠢᠶᠠᠨ ᠥᠷᠭᠡᠳᠬᠡᠨ ᠦᠢᠯᠡᠳᠪᠦᠷᠢᠯᠡᠯ ᠢᠶᠠᠨ ᠨᠡᠮᠡᠭᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠪᠠᠨ 2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠭᠦᠢᠯᠭᠡᠭᠡᠨ ᠤ ᠪᠡᠯᠡ ᠮᠥᠩᠭᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠬᠦ ᠳᠤ ᠭᠦᠷᠪᠡᠯ ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠦᠩᠭᠦᠨ ᠤ ᠨᠣᠷᠮ᠎ᠠ ︵LPR ︶ ᠶᠢᠨ 70% ᠪᠠᠷ ᠲᠡᠷᠡᠴᠢᠯᠡᠨ 2% ᠠᠴᠠ ᠥᠯᠥ ᠬᠡᠲᠦᠷᠡᠬᠦ ᠬᠦᠦ ᠮᠥᠩᠭᠦᠨ ᠤ ᠨᠣᠷᠮ᠎ᠠ ᠶᠣᠰᠣᠭᠠᠷ ᠂ ᠵᠢᠯ ᠪᠦᠷᠢ 200 ᠲᠦᠮᠡᠨ ᠲᠥᠭᠦᠷᠢᠭ ᠠᠴᠠ ᠥᠯᠥ ᠬᠡᠲᠦᠷᠡᠭᠦᠯᠬᠦ ᠳᠠᠮ ᠬᠦᠦ ᠶᠢᠨ ᠳᠡᠮᠵᠢᠯᠭᠡ ᠣᠯᠭᠤᠵᠤ ᠂ ᠲᠡᠳᠡᠨ ᠤ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠪᠣᠯᠬᠤ ᠬᠥᠲᠥᠴᠢ ᠠᠵᠤ ᠠᠬᠤᠶᠢᠯᠠᠯ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠪᠠᠷ ᠦᠨᠡᠮᠰᠢᠭᠦᠯᠬᠦ ᠶᠢ ᠨᠢ ᠵᠣᠷᠢᠭᠵᠢᠭᠤᠯᠤᠨ᠎ᠠ ᠃ ᠰᠢᠨ᠎ᠡ ᠪᠠᠷ ᠦᠨᠡᠮᠰᠢᠭᠰᠡᠨ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠪᠣᠯᠬᠤ ᠬᠥᠲᠥᠴᠢ ᠠᠵᠤ ᠠᠬᠤᠶᠢᠯᠠᠯ ᠳᠤ ᠨᠢᠭᠡ ᠯᠡ ᠤᠳᠠᠭ᠎ᠠ ᠶᠢᠨ ᠴᠢᠨᠠᠷᠲᠠᠢ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ ᠃ ᠤᠯᠤᠰ ᠤᠨ ᠲᠡᠰ ᠤᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠤᠨ ᠨᠢᠭᠡ ᠶᠢ ᠨᠢᠭᠡ ᠳᠤ ᠴᠢᠭᠯᠡᠭᠦᠯᠦᠨ ᠲᠡᠳᠬᠦᠬᠦ ᠲᠣᠭᠲᠠᠴᠠ ᠶᠢ ᠪᠠᠶᠢᠭᠤᠯᠵᠤ ᠂ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ︾ ᠪᠠᠷ ᠳᠠᠮᠵᠢᠭᠤᠯᠤᠨ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ  ᠨᠢ ᠰᠢᠢᠳᠪᠦᠷᠢᠯᠡᠵᠦ ᠥᠭᠭᠦᠨ᠎ᠡ ᠃ ﹇ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠡᠳ᠋ ᠤᠨ ᠵᠠᠰᠠᠭ ᠤᠨ ᠲᠢᠩᠬᠢᠮ ﹈       ᠬᠤᠶᠠᠷ ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠶᠡᠭᠡ ᠪᠠᠷ ᠪᠣᠶᠢᠵᠢᠭᠤᠯᠤᠨ᠎ᠠ      ᠣᠷᠣᠨ ᠨᠤᠲᠤᠭ ᠤᠨ ᠬᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠪᠡᠯᠡ ᠮᠥᠩᠭᠦ ᠪᠠᠨ ᠨᠢᠭᠡᠳᠦᠯᠲᠡᠢ ᠲᠥᠯᠥᠪᠯᠡᠬᠦ ᠶᠢ ᠨᠢ ᠵᠣᠷᠢᠭᠵᠢᠭᠤᠯᠵᠤ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ ᠶᠢᠨ ᠬᠠᠮᠲᠤ ᠂ ᠲᠠᠷᠢᠶᠠᠴᠢᠳ ᠲᠠᠢ ᠬᠤᠯᠪᠤᠭᠠᠯᠠᠨ ᠲᠠᠷᠢᠶᠠᠴᠢᠳ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠃ ᠰᠢᠨ᠎ᠡ ᠪᠠᠷ ᠳᠠᠩᠰᠠᠯᠠᠭᠤᠯᠤᠭᠰᠠᠨ ᠮᠥᠷᠲᠡᠭᠡᠨ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠪᠠᠨ 2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠨᠢ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠭᠦᠢᠯᠭᠡᠭᠡᠨ ᠤ ᠪᠡᠯᠡ ᠮᠥᠩᠭᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠬᠦ ᠳᠤ ᠭᠦᠷᠪᠡᠯ ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠦᠩᠭᠦᠨ ᠤ ᠨᠣᠷᠮ᠎ᠠ ︵LPR ︶ ᠶᠢᠨ 70% ᠪᠠᠷ ᠲᠡᠷᠡᠴᠢᠯᠡᠨ 2% ᠠᠴᠠ ᠥᠯᠥ ᠬᠡᠲᠦᠷᠡᠬᠦ ᠬᠦᠦ ᠮᠥᠩᠭᠦᠨ ᠤ ᠨᠣᠷᠮ᠎ᠠ ᠶᠣᠰᠣᠭᠠᠷ ᠂ ᠵᠢᠯ ᠪᠦᠷᠢ 200 ᠲᠦᠮᠡᠨ ᠲᠥᠭᠦᠷᠢᠭ ᠠᠴᠠ ᠥᠯᠥ ᠬᠡᠲᠦᠷᠡᠭᠦᠯᠬᠦ ᠳᠠᠮ ᠬᠦᠦ ᠶᠢᠨ ᠳᠡᠮᠵᠢᠯᠭᠡ ᠣᠯᠭᠤᠨ᠎ᠠ ᠃ ﹇ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠡᠳ᠋ ᠤᠨ ᠵᠠᠰᠠᠭ ᠤᠨ ᠲᠢᠩᠬᠢᠮ ﹈      ᠭᠤᠷᠪᠠ ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠰᠢᠯᠢᠳᠡᠭᠵᠢᠭᠦᠯᠵᠦ ᠲᠠᠰ ᠳᠡᠪᠰᠢᠭᠦᠯᠬᠦ ᠶᠢ ᠠᠬᠢᠭᠤᠯᠤᠨ᠎ᠠ      2024 ᠣᠨ ᠠᠴᠠ ᠬᠤᠶᠢᠰᠢᠬᠢ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1.6 ᠳ᠋ᠦᠩᠰᠢᠭᠤᠷ ᠲᠥᠭᠦᠷᠢᠭ ᠲᠤ ᠬᠦᠷᠴᠦ ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠰᠢᠨ᠎ᠡ ᠪᠠᠷ ᠪᠠᠶᠢᠭᠤᠯᠤᠭᠰᠠᠨ ᠪᠠ ᠲᠠᠰ ᠳᠡᠪᠰᠢᠭᠦᠯᠵᠦ ᠥᠭᠡᠷᠡᠴᠢᠯᠡᠨ ᠰᠢᠨᠡᠳᠬᠡᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠤᠨ ᠵᠢᠭᠡᠯᠡᠯᠭᠡ ᠵᠢᠭᠡᠯᠡᠭᠰᠡᠨ ᠠᠵᠤ ᠠᠬᠤᠶᠢᠯᠠᠯ ᠳᠤ ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR ︶ ᠶᠢᠨ 70% ᠪᠠᠷ ᠲᠡᠷᠡᠴᠢᠯᠡᠨ 2% ᠠᠴᠠ ᠥᠯᠥ ᠬᠡᠲᠦᠷᠡᠬᠦ ᠬᠦᠦ ᠮᠥᠩᠭᠦᠨ ᠤ ᠨᠣᠷᠮ᠎ᠠ ᠶᠣᠰᠣᠭᠠᠷ ᠂ ᠵᠢᠯ ᠪᠦᠷᠢ 300 ᠲᠦᠮᠡᠨ ᠲᠥᠭᠦᠷᠢᠭ ᠠᠴᠠ ᠥᠯᠥ ᠬᠡᠲᠦᠷᠡᠭᠦᠯᠬᠦ ᠳᠠᠮ ᠬᠦᠦ ᠶᠢᠨ ᠳᠡᠮᠵᠢᠯᠭᠡ ᠣᠯᠭᠤᠨ᠎ᠠ ᠃ ᠵᠢᠯ ᠤᠨ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠤᠭᠰᠠᠨ ᠪᠣᠳᠠᠲᠠᠢ ᠬᠡᠮᠵᠢᠶ᠎ᠡ ᠨᠢ 2 ᠲᠦᠮᠡ ᠠᠴᠠ ᠳᠡᠭᠡᠭᠰᠢ ᠳᠤ ᠬᠦᠷᠦᠭᠰᠡᠨ ᠠᠯᠠᠰᠢᠨ ᠦᠬᠡᠷ ᠨᠢᠲᠤᠯᠬᠤ ᠠᠵᠤ ᠠᠬᠤᠶᠢᠯᠠᠯ ᠨᠢ ᠪᠣᠷᠳᠣᠭᠰᠠᠨ ᠦᠬᠡᠷ‌ᠬᠤᠳᠠᠯᠳᠤᠨ ᠠᠪᠬᠤ ᠪᠠᠷ ᠭᠦᠢᠯᠭᠡᠭᠡᠨ ᠤ ᠪᠡᠯᠡ ᠮᠥᠩᠭᠦᠨ ᠤ ᠵᠢᠭᠡᠯᠡᠯᠭᠡ ᠵᠢᠭᠡᠯᠡᠬᠦ ᠳᠤ ᠭᠦᠷᠪᠡᠯ ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR ︶ ᠶᠢᠨ 70% ᠪᠠᠷ ᠲᠡᠷᠡᠴᠢᠯᠡᠨ 2% ᠠᠴᠠ ᠥᠯᠥ ᠬᠡᠲᠦᠷᠡᠬᠦ ᠬᠦᠦ ᠮᠥᠩᠭᠦᠨ ᠤ ᠨᠣᠷᠮ᠎ᠠ ᠪᠠᠷ ᠵᠢᠯ ᠪᠦᠷᠢ 600 ᠲᠦᠮᠡᠨ ᠲᠥᠭᠦᠷᠢᠭ ᠠᠴᠠ ᠥᠯᠥ ᠬᠡᠲᠦᠷᠡᠭᠦᠯᠬᠦ ᠳᠠᠮ ᠬᠦᠦ ᠶᠢᠨ ᠳᠡᠮᠵᠢᠯᠭᠡ ᠣᠯᠭᠤᠨ᠎ᠠ ᠃ ᠠᠯᠠᠰᠢᠨ ᠦᠬᠡᠷ ᠤᠨ ᠠᠵᠤ ᠠᠬᠤᠶᠢᠯᠠᠯ ᠤᠨ ᠦᠬᠡᠷ ᠤᠨ ᠮᠢᠬᠠᠨ ᠤ ᠪᠡᠯᠡᠨ ᠵᠠᠭᠤᠰᠢ ᠂ ᠴᠢᠳᠬᠤᠭᠰᠠᠨ ᠪᠦᠲᠦᠭᠡᠭᠳᠡᠬᠦᠨ᠂ ᠡᠷᠡᠭᠦᠯᠵᠢᠯ ᠤᠨ ᠪᠦᠲᠦᠭᠡᠭᠳᠡᠬᠦᠨ ᠂ ᠢᠳᠡᠪᠬᠢ ᠢᠰᠬᠡᠭᠦᠷ ᠵᠡᠷᠭᠡ ᠰᠢᠨ᠎ᠡ ᠪᠦᠲᠦᠭᠡᠭᠳᠡᠬᠦᠨ ᠰᠢᠨ᠎ᠡ ᠮᠡᠷᠭᠡᠵᠢᠯ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠨᠢ ᠳᠡᠮᠵᠢᠨ᠎ᠡ ᠃ ᠥᠪᠡᠷᠲᠡᠭᠡᠨ ᠵᠠᠰᠠᠬᠤ ᠣᠷᠣᠨ ᠤ ᠲᠣᠮᠣ ᠬᠡᠯᠪᠡᠷᠢ ᠶᠢᠨ ᠨᠠᠷᠠᠲᠠᠢ ᠠᠵᠤ ᠠᠬᠤᠶᠢᠯᠠᠯ ᠤᠨ ᠠᠯᠠᠰᠢᠨ ᠦᠬᠡᠷ ᠤᠨ ᠠᠵᠤ ᠦᠢᠯᠡᠰ ᠲᠤ ᠣᠷᠣᠬᠤ ᠶᠢ ᠨᠢ ᠵᠣᠷᠢᠭᠵᠢᠭᠤᠯᠵᠤ ᠂ ᠲᠡᠳᠡᠨ ᠤ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠠᠷᠭ᠎ᠠ ᠵᠠᠮ ᠂ ᠨᠠᠷᠠᠲᠤ ᠲᠡᠮᠳᠡᠭ ᠤᠨ ᠳᠠᠪᠠᠭᠤᠯᠢᠭ ᠪᠠ ᠬᠠᠮᠢᠶᠠᠷᠤᠯᠲᠠ ᠶᠢᠨ ᠲᠦᠪᠰᠢᠨ ᠢ ᠠᠰᠢᠭᠯᠠᠨ ᠂ ᠪᠥᠬᠦ ᠣᠷᠣᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢᠨ ᠲᠡᠰ ᠢ ᠨᠢ ᠲᠡᠬᠡᠭᠰᠢᠯᠡᠬᠦᠯᠦᠨ᠎ᠡ ᠃ ﹇ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠡᠳ᠋ ᠤᠨ ᠵᠠᠰᠠᠭ ᠤᠨ ᠲᠢᠩᠬᠢᠮ ﹈      ᠳᠥᠷᠪᠡ ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠡᠶᠢᠰᠢ ᠪᠥᠭᠡᠮᠨᠡᠷᠡᠬᠦ ᠶᠢ ᠠᠬᠢᠭᠤᠯᠤᠨ᠎ᠠ      ᠵᠢᠯ ᠪᠦᠷᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠠᠴᠠ 2 ᠢ ᠰᠢᠯᠢᠵᠦ ᠳᠡᠮᠵᠢᠯᠭᠡ ᠦᠵᠡᠭᠦᠯᠦᠨ᠎ᠡ ᠃ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠳᠤ ᠪᠠᠨ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠳᠣᠣᠷ᠎ᠠ ᠤᠷᠢᠳ ᠢᠶᠠᠷ ᠳᠡᠮᠵᠢᠨ᠎ᠡ ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠰᠬᠠᠢ ᠪᠡᠯᠡ ᠮᠥᠩᠭᠦ ᠶᠢ ᠬᠡᠷᠡᠭᠯᠡᠬᠦ ᠳᠤ ᠪᠠᠨ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠳᠣᠣᠷ᠎ᠠ ᠤᠷᠢᠳ ᠢᠶᠠᠷ ᠳᠡᠮᠵᠢᠨ᠎ᠡ ᠃ ﹇ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ﹈      ᠲᠠᠪᠤ ᠂ ᠪᠡᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ      ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠪᠡᠯᠡᠨ ᠵᠠᠭᠤᠰᠢ ᠶᠢᠨ ᠵᠠᠮᠴᠢ ᠠᠵᠤ ᠠᠬᠤᠶᠢᠯᠠᠯ ᠂ ᠰᠦᠯᠵᠢᠶ᠎ᠡ ᠪᠠᠷ ᠪᠣᠷᠣᠯᠠᠭᠤᠯᠬᠤ ᠂ ᠣᠨᠴᠠᠯᠢᠭᠲᠤ ᠨᠠᠷᠠᠲᠤ ᠲᠡᠮᠳᠡᠭ ᠤᠳ ᠠᠴᠠ ᠲᠤᠰ ᠪᠦᠷᠢ ᠰᠢᠯᠭᠠᠷᠠᠭᠤᠯᠤᠭᠰᠠᠨ ᠠᠷᠪᠠᠨ ᠬᠦᠴᠦᠷᠬᠡᠭ ᠠᠵᠤ ᠠᠬᠤᠶᠢᠯᠠᠯ ᠳᠤ ᠂ ᠪᠣᠷᠤᠯᠠᠭᠤᠯᠭ᠎ᠠ ᠶᠢᠨ ᠲᠤᠭ᠎ᠠ ᠨᠢ ᠳᠡᠭᠡᠷ᠎ᠡ ᠵᠢᠯ ᠤᠨ  ᠬᠢ ᠠᠴᠠ ᠪᠠᠨ 100 ᠲᠦᠮᠡᠨ ᠲᠥᠭᠦᠷᠢᠭ ᠰᠢᠨ᠎ᠡ ᠪᠠᠷ ᠨᠡᠮᠡᠭᠳᠡᠬᠦ ᠪᠦᠷᠢ 2 ᠲᠦᠮᠡᠨ ᠲᠥᠭᠦᠷᠢᠭ ᠱᠠᠩᠨᠠᠨ ᠬᠥᠬᠢᠭᠦᠯᠵᠦ ᠂ ᠬᠠᠮᠤᠭ ᠤᠨ ᠥᠨᠳᠥᠷ ᠲᠤ ᠪᠠᠨ 30 ᠲᠦᠮᠡᠨ ᠲᠥᠭᠦᠷᠢᠭ ᠠᠴᠠ ᠦᠯᠦ ᠬᠡᠲᠦᠷᠡᠭᠦᠯᠦᠨ ᠂ ᠠᠳᠠᠯᠢ ᠨᠢᠭᠡ ᠠᠵᠤ ᠠᠬᠤᠶᠢᠯᠠᠯ ᠢ ᠠᠳᠠᠯᠢ ᠨᠢᠭᠡ ᠵᠢᠯ ᠳᠤ ᠳᠠᠪᠬᠤᠷᠳᠠᠭᠤᠯᠤᠨ ᠱᠠᠩᠨᠠᠬᠤ ᠦᠭᠡᠢ ᠃ ﹇ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ﹈      ᠵᠢᠷᠭᠤᠭ᠎ᠠ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ       ᠰᠢᠨ᠎ᠡ ᠪᠠᠷ ᠳᠡᠪᠰᠢᠭᠰᠡᠨ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠂ 5A ᠲᠠᠰ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠂ ᠲᠣᠰ ᠲᠣᠰ 300 ᠲᠦᠮᠡᠨ ᠲᠥᠭᠦᠷᠢᠭ ᠂ 100 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠪᠡᠭᠡᠵᠢᠩ ᠱᠠᠩᠬᠠᠢ ᠭᠤᠸᠠᠩᠵᠧᠦ ᠱᠧᠨᠵᠧᠨ ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯ ᠪᠣᠯᠬᠤ ᠬᠡᠷᠡᠭᠯᠡᠭᠡᠨ ᠤ ᠭᠠᠵᠠᠷ ᠲᠤ ᠤᠷᠢᠳᠠᠴᠢ ᠬᠦᠢᠲᠡᠨ ᠬᠡᠯᠬᠢᠶᠡᠲᠦ ᠰᠣᠷᠭᠤᠭ ᠬᠠᠳᠠᠭᠠᠯᠠᠬᠤ ᠬᠥᠮᠥᠷᠭᠡ ᠬᠥᠭᠵᠢᠭᠦᠯᠬᠦ ᠶᠢ ᠵᠣᠷᠢᠭᠵᠢᠭᠤᠯᠤᠨ᠎ᠠ ᠃ ﹇ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ ﹈      ᠳᠣᠯᠤᠭ᠎ᠠ ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠬᠡᠪ ᠵᠠᠭᠪᠤᠷ ᠲᠤ ᠰᠢᠨ᠎ᠡ ᠶᠢ ᠡᠭᠦᠳᠦᠨ᠎ᠡ      ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠢ ᠪᠣᠶᠢᠵᠢᠭᠤᠯᠬᠤ ᠪᠠ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠠᠵᠢᠯ ᠢ ᠳᠡᠮᠵᠢᠵᠦ ᠂ ︽ᠥᠪᠥᠷ ᠮᠣᠩᠭᠤᠯ ︾ ᠨᠡᠷᠡᠮᠵᠢᠲᠦ ᠲᠡᠮᠳᠡᠭ ᠤᠨ ᠭᠡᠷᠡᠴᠢᠯᠡᠯᠲᠡ ᠶᠢ ᠥᠷᠨᠢᠭᠦᠯᠦᠨ ᠂ ᠨᠢᠭᠡᠳᠦᠯᠲᠡᠢ ᠪᠠᠷᠢᠮᠵᠢᠶ᠎ᠠ ᠂ ᠨᠢᠭᠡᠳᠦᠯᠲᠡᠢ ᠨᠠᠷᠠᠲᠤ ᠲᠡᠮᠳᠡᠭ ᠂ ᠨᠢᠭᠡᠳᠦᠯᠲᠡᠢ ᠢᠯᠭᠠᠬᠤ ᠲᠡᠮᠳᠡᠭ ᠂ ᠨᠢᠭᠡᠳᠦᠯᠲᠡᠢ ᠤᠬᠠᠭᠤᠯᠭ᠎ᠠ ᠂ ᠨᠢᠭᠡᠳᠦᠯᠲᠡᠢ ᠡᠵᠡᠩᠨᠡᠨ ᠪᠣᠷᠣᠯᠠᠭᠤᠯᠤᠯᠲᠠ ᠶᠢ ᠠᠬᠢᠭᠤᠯᠵᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠥᠪᠥᠷ ᠮᠣᠩᠭᠤᠯ ︾ ᠨᠡᠷᠡᠮᠵᠢᠲᠦ ᠲᠡᠮᠳᠡᠭ — ᠲᠠᠯ᠎ᠠ ᠨᠤᠲᠤᠭ ᠤᠨ ᠣᠬᠢ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠴᠣᠭᠴᠠᠯᠠᠨ᠎ᠠ ᠃ ︽ᠥᠪᠥᠷ ᠮᠣᠩᠭᠤᠯ ︾ ᠨᠡᠷᠡᠮᠵᠢᠲᠦ ᠲᠡᠮᠳᠡᠭ ᠢᠶᠠᠷ ᠭᠡᠷᠡᠴᠢᠯᠡᠭᠳᠡᠭᠰᠡᠨ ᠠᠵᠤ ᠠᠬᠤᠶᠢᠯᠠᠯ ᠳᠤ ᠭᠡᠷᠡᠴᠢᠯᠡᠭᠦᠯᠬᠦ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ ᠃ 2024 ᠣᠨ ᠳᠤ ᠪᠣᠬᠢᠷᠲᠤᠯ ᠦᠭᠡᠢ ᠢᠳᠡᠭᠡᠨ ᠂ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠭᠰᠡᠨ ᠭᠠᠷᠤᠯᠲᠠ ᠨᠢ 1000 ᠲᠣᠨ ᠠᠴᠠ ᠳᠡᠭᠡᠭᠰᠢ ᠳᠤ ᠬᠦᠷᠦᠭᠰᠡᠨ ᠠᠵᠤ ᠠᠬᠤᠶᠢᠯᠠᠯ ᠤᠨ ᠭᠡᠷᠡᠴᠢᠯᠡᠭᠦᠯᠦᠭᠰᠡᠨ ᠵᠠᠷᠤᠳᠠᠯ ᠢ ᠪᠥᠬᠦ ᠲᠤᠭ᠎ᠠ ᠪᠠᠷ ᠨᠢ ᠱᠠᠩᠨᠠᠨ ᠨᠥᠬᠦᠪᠦᠷᠢᠯᠡᠵᠦ ᠂ ᠪᠣᠳᠠᠲᠠᠢ ᠪᠠᠷᠢᠮᠵᠢᠶ᠎ᠠ ᠶᠢ ᠳᠡᠭᠡᠷ᠎ᠡ ᠨᠢᠭᠡ ᠵᠢᠯ ᠤᠨ ᠭᠡᠷᠡᠴᠢᠯᠡᠭᠰᠡᠨ ᠭᠠᠷᠤᠯᠲᠠ ᠪᠠᠷ ᠦᠨᠳᠦᠰᠦᠯᠡᠯ ᠪᠣᠯᠭᠠᠨ ᠲᠣᠭᠲᠠᠭᠠᠨ᠎ᠠ ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ︾ ᠬᠡᠷᠡᠭᠵᠢᠭᠦᠯᠬᠦ ᠶᠢ ᠠᠬᠢᠭᠤᠯᠵᠤ ᠂ ᠪᠡᠭᠡᠵᠢᠩ ᠵᠡᠷᠭᠡ ᠨᠢᠭᠡᠳᠦᠭᠡᠷ ᠵᠡᠷᠭᠡᠯᠡᠯ ᠤᠨ ᠬᠤᠲᠠ ᠳᠤ ︽ᠪᠣᠬᠢᠷᠲᠤᠯ ᠦᠭᠡᠢ ᠪᠦᠲᠦᠭᠡᠭᠳᠡᠬᠦᠨ ᠪᠣᠭᠤᠮᠲᠠ ᠠᠴᠠ ᠭᠠᠷᠬᠤ ︾ ᠬᠡᠷᠡᠭᠯᠡᠭᠡ ᠶᠢ ᠬᠠᠪᠰᠤᠷᠤᠨ ᠲᠡᠳᠬᠦᠵᠦ ᠲᠠᠨᠢᠯᠴᠠᠭᠤᠯᠬᠤ ᠠᠵᠢᠯᠯᠠᠭ᠎ᠠ ᠶᠢ ᠦᠷᠭᠦᠯᠵᠢᠯᠡᠨ ᠡᠷᠬᠢᠯᠡᠨ᠎ᠡ ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠶᠠᠮᠤᠨ ᠵᠥᠪᠯᠡᠯ ᠂ ᠲᠥᠪ ᠤᠨ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠂ ᠬᠤᠳᠠᠯᠳᠤᠭ᠎ᠠ ᠬᠡᠲᠦ ᠳᠡᠯᠭᠡᠭᠦᠷ ᠂ ᠢᠳᠡᠭᠡᠨ ᠤᠮᠳᠠᠭᠠᠨ ᠤ ᠦᠢᠯᠡᠰ ᠲᠤ ᠣᠷᠣᠭᠤᠯᠬᠤ ᠶᠢ ᠠᠬᠢᠭᠤᠯᠵᠤ ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ ᠂ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠰᠦᠯᠵᠢᠶᠡᠨ ᠤ ᠪᠣᠷᠤᠯᠠᠭᠤᠯᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ ᠃ ﹇ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ﹈      ᠨᠠᠢᠮᠠ ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ      ᠠᠵᠤ ᠠᠬᠤᠶᠢᠯᠠᠯ ᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠪᠠ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠬᠢᠬᠦ ᠶᠢ ᠳᠡᠮᠵᠢᠵᠦ ᠂ ᠵᠠᠬᠢᠶᠠᠯᠠᠭ᠎ᠠ ᠶᠢᠨ ᠬᠠᠭᠤᠳᠠᠰᠤ ᠂ ᠰᠠᠩ ᠤᠨ ᠬᠠᠭᠤᠳᠠᠰᠤ ᠂ ᠬᠤᠷᠢᠶᠠᠪᠠᠰᠤ ᠵᠣᠬᠢᠬᠤ ᠲᠠᠩᠰᠠᠨ ᠤ ᠵᠣᠭᠤᠰ ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠵᠡᠷᠭᠡ ᠳᠠᠨᠵᠢᠯᠠᠭ᠎ᠠ  ᠲᠠᠢ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠥᠷᠨᠢᠭᠦᠯᠵᠦ ᠂ ᠬᠥᠳᠡᠯᠬᠦ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢ ᠨᠢᠭᠡᠳᠦᠯᠲᠡᠢ ᠳᠠᠩᠰᠠᠯᠠᠨ ᠲᠡᠮᠳᠡᠭᠯᠡᠵᠦ ᠨᠡᠶᠢᠲᠡ ᠳᠤ ᠵᠠᠷᠯᠠᠬᠤ ᠰᠢᠰᠲ᠋ᠧᠮ ᠢᠶᠠᠷ ᠳᠠᠮᠵᠢᠭᠤᠯᠤᠨ ᠳᠠᠭᠠᠭᠠᠯᠲᠠ ᠲᠠᠢ ᠪᠡᠯᠡ ᠲᠣᠬᠢᠷᠠᠭᠤᠯᠭ᠎ᠠ ᠶᠢᠨ ᠲᠤᠬᠠᠶᠢᠯᠠᠭᠰᠠᠨ ᠠᠵᠢᠯ ᠢ ᠳᠠᠩᠰᠠᠯᠠᠨ ᠲᠡᠮᠳᠡᠭᠯᠡᠨ᠎ᠡ ᠃ ᠬᠦᠦ ᠮᠥᠩᠭᠦᠨ ᠤ ᠨᠣᠷᠮ᠎ᠠ ᠳᠤ ᠨᠡᠮᠡᠭᠦᠷᠢ ᠥᠭᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠯᠡᠵᠦ ᠨᠠᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠪᠠ ᠨᠡᠶᠢᠭᠡᠮ ᠤᠨ ᠮᠥᠩᠭᠦᠨ ᠭᠦᠢᠯᠭᠡᠭᠡᠨ ᠤ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ ᠳᠤ ᠣᠷᠣᠭᠤᠯᠤᠯᠲᠠ ᠬᠢᠯᠭᠡᠨ᠎ᠡ ᠃ ᠨᠥᠬᠦᠴᠡᠯ ᠳᠤ ᠨᠡᠶᠢᠴᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠪᠠᠩᠬᠢ ᠶᠢᠨ ᠬᠤᠭᠤᠷᠣᠨᠳᠣᠬᠢ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠣᠬᠤᠷ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ ᠲᠡᠮᠳᠡᠭᠲᠦ ᠂ ᠤᠷᠲᠤᠪᠲᠤᠷ ᠬᠤᠭᠤᠴᠠᠭᠠᠨ ᠤ ᠪᠠᠷᠢᠮᠲᠠ ᠵᠡᠷᠭᠡ ᠥᠷᠢ ᠥᠭᠴᠡᠭᠡᠨ ᠤ ᠪᠡᠯᠡ ᠲᠣᠬᠢᠷᠠᠭᠤᠯᠭ᠎ᠠ ᠶᠢᠨ ᠪᠠᠭᠠᠵᠢ ᠲᠠᠷᠬᠠᠭᠠᠵᠤ ᠪᠡᠯᠡ ᠮᠥᠩᠭᠦ ᠴᠤᠭᠯᠠᠭᠤᠯᠬᠤ ᠶᠢ ᠵᠣᠷᠢᠭᠵᠢᠭᠤᠯᠤᠨ᠎ᠠ ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠮᠥᠩᠭᠦᠨ ᠭᠦᠢᠯᠭᠡᠭᠡᠨ ᠤ ᠬᠡᠯᠬᠢᠶᠡᠨ ᠳᠠᠷᠤᠭ᠎ᠠ ᠶᠢᠨ ᠳᠦᠷᠢᠮ ᠢ ᠪᠠᠶᠢᠭᠤᠯᠵᠤ ᠂ ᠠᠵᠤ ᠦᠢᠯᠡᠰ ᠬᠤᠪᠢᠶᠠᠨ ᠬᠡᠯᠬᠢᠶᠡᠨ ᠳᠠᠷᠤᠭ᠎ᠠ ᠶᠢᠨ ᠪᠠᠩᠬᠢ ᠪᠠ ᠬᠠᠮᠵᠢᠯᠴᠠᠨ ᠡᠷᠭᠢᠯᠡᠬᠦ ᠪᠠᠩᠬᠢ ᠶᠢ ᠲᠣᠳᠣᠷᠬᠠᠶᠢᠯᠠᠵᠤ ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠵᠠᠬᠢᠶᠠᠯᠠᠭ᠎ᠠ ᠮᠠᠶ᠋ᠢᠭ ᠤᠨ ᠦᠢᠯᠡᠴᠢᠯᠡᠭᠡ ᠬᠠᠩᠭᠠᠨ᠎ᠠ ᠃ ᠥᠪᠡᠷ ᠤᠨ ᠥᠷᠲᠡᠭ ᠤᠨ ᠳᠠᠭᠠᠳᠬᠠᠯ ᠂ ᠶᠠᠰᠤ ᠴᠢᠨᠠᠷ ᠤᠨ ᠳᠠᠭᠠᠳᠬᠠᠯ ᠂ ᠪᠡᠯᠡᠳᠬᠡᠮᠵᠢ ᠶᠢᠨ ᠳᠠᠭᠠᠳᠬᠠᠯ ᠂ ᠳᠠᠭᠠᠳᠬᠠᠯ + ᠬᠤᠭᠤᠴᠠᠭᠠᠲᠤ ᠪᠠᠷᠠᠭ᠎ᠠ ᠵᠡᠷᠭᠡ ᠰᠢᠷᠢᠰ ᠦᠢᠯᠡᠴᠢᠯᠡᠭᠡ ᠪᠠ ᠨᠡᠶᠢᠯᠡᠮᠡᠯ ᠨᠡᠷᠡᠳᠭᠦᠨ ᠳᠤ ᠰᠢᠨ᠎ᠡ ᠶᠢ ᠡᠭᠦᠳᠦᠨ ᠳᠡᠯᠭᠡᠷᠡᠭᠦᠯᠦᠨ᠎ᠡ ᠃ ﹇ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ﹈      ᠶᠢᠰᠦ ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ      ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠨᠢ ᠬᠤᠳᠠᠯᠳᠤᠨ ᠠᠪᠤᠭᠰᠠᠨ ᠪᠠᠷᠢᠮᠲᠠ ᠪᠠᠷ ᠢᠶᠠᠨ ᠦᠷᠲᠡᠭ ᠨᠡᠮᠡᠭᠳᠡᠯ ᠤᠨ ᠭᠠᠶᠢᠯᠢ ᠶᠢ ᠲᠣᠭᠲᠠᠭᠠᠯ ᠶᠣᠰᠣᠭᠠᠷ ᠲᠤᠯᠭᠠᠨ ᠰᠠᠭᠤᠯᠭᠠᠵᠤ ᠪᠣᠯᠣᠨ᠎ᠠ ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠥᠭᠵᠢᠯᠲᠡ ᠳᠤ ᠬᠡᠷᠡᠭᠯᠡᠬᠦ ᠭᠠᠵᠠᠷ ᠢ ᠤᠷᠢᠳ ᠢᠶᠠᠷ ᠪᠠᠲᠤᠯᠠᠨ᠎ᠠ ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠪᠣᠬᠢᠷᠲᠤᠯ ᠦᠭᠡᠢ ᠴᠠᠬᠢᠯᠭᠠᠨ ᠪᠠᠭᠲᠠᠭᠠᠨ ᠰᠢᠩᠭᠡᠭᠡᠬᠦ ᠶᠢ ᠳᠡᠮᠵᠢᠵᠦ ᠂ ᠠᠵᠤ ᠠᠬᠤᠶᠢᠯᠠᠯ ᠤᠨ ᠥᠪᠡᠰᠦᠪᠡᠨ ᠪᠣᠬᠢᠷᠲᠤᠯ ᠦᠭᠡᠢ ᠴᠠᠬᠢᠯᠭᠠᠨ ᠡᠭᠦᠰᠬᠡᠭᠴᠢ ᠪᠠᠶᠢᠭᠤᠯᠬᠤ ᠶᠢ ᠵᠣᠷᠢᠭᠵᠢᠭᠤᠯᠤᠨ ᠂ ᠪᠣᠬᠢᠷᠲᠤᠯ ᠦᠭᠡᠢ ᠴᠠᠬᠢᠯᠭᠠᠨ ᠬᠦᠴᠦᠨ ᠤ ᠬᠡᠷᠡᠭᠯᠡᠭᠡ ᠶᠢᠨ ᠬᠠᠷᠢᠴᠠᠯ ᠢ ᠳᠡᠭᠡᠭᠰᠢᠯᠡᠭᠦᠯᠦᠨ᠎ᠡ ᠃ ᠤᠰᠤᠨ ᠤ ᠡᠬᠢ ᠰᠤᠷᠪᠤᠯᠵᠢ ᠪᠠᠷ ᠠᠵᠤ ᠦᠢᠯᠡᠰ ᠤᠨ ᠬᠡᠪᠴᠢᠶᠡᠵᠢᠯ ᠪᠠ ᠪᠦᠲᠦᠴᠡ ᠶᠢ ᠲᠥᠯᠥᠪᠵᠢᠭᠦᠯᠬᠦ ᠤᠷᠢᠲᠠᠯ ᠳᠣᠣᠷ᠎ᠠ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠪᠠᠲᠤᠯᠠᠨ᠎ᠠ ᠃ ﹇ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠤᠰᠤᠨ ᠠᠰᠢᠭᠯᠠᠯᠲᠠ ᠶᠢᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ ︶ ᠤ ᠺᠤᠮᠫᠠᠨᠢ ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ﹈      ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠱᠠᠩᠨᠠᠵᠤ ᠨᠥᠬᠦᠪᠦᠷᠢᠯᠡᠬᠦ ︵ᠱᠠᠩᠨᠠᠵᠤ ᠬᠥᠬᠢᠭᠦᠯᠬᠦ ︶ ᠪᠡᠯᠡ ᠮᠥᠩᠭᠦ ᠶᠢ ᠴᠥᠮ ︽ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠥᠬᠦᠪᠦᠷᠢᠯᠡᠬᠦ ᠂ ᠱᠠᠲᠤ ᠬᠤᠪᠢᠶᠠᠨ ᠡᠭᠦᠷᠭᠡᠯᠡᠬᠦ ᠂ ᠪᠣᠳᠠᠲᠠᠢ ᠶᠢ ᠦᠨᠳᠦᠰᠦᠯᠡᠨ ᠨᠥᠬᠦᠪᠦᠷᠢᠯᠡᠬᠦ ᠂ ᠡᠷᠭᠢᠯᠳᠦᠭᠦᠯᠦᠨ ᠬᠡᠷᠡᠭᠵᠢᠭᠦᠯᠬᠦ ︾ ᠠᠷᠭ᠎ᠠ ᠮᠠᠶ᠋ᠢᠭ ᠢᠶᠠᠷ ᠰᠠᠯᠭᠠᠨ ᠥᠭᠴᠦ ᠂ ᠡᠯ᠎ᠡ ᠬᠠᠷᠢᠭᠤᠴᠠᠯᠭᠠᠲᠤ ᠨᠢᠭᠡᠴᠢ ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠨ ᠂ ᠪᠡᠯᠡ ᠮᠥᠩᠭᠦ ᠱᠠᠩᠨᠠᠵᠤ ᠨᠥᠬᠦᠪᠦᠷᠢᠯᠡᠬᠦ ᠬᠠᠮᠢᠶ᠎ᠠ ᠪᠦᠬᠦᠢ ᠪᠠᠷᠢᠮᠵᠢᠶ᠎ᠠ ᠂ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ ᠂ ᠬᠡᠷᠡᠭᠵᠢᠭᠦᠯᠬᠦ ᠠᠭᠤᠯᠭ᠎ᠠ ᠂ ᠰᠢᠯᠭᠠᠨ ᠬᠢᠨᠠᠵᠤ ᠰᠢᠯᠭᠠᠨ ᠠᠪᠬᠤ ᠵᠡᠷᠭᠡ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ ᠂ ᠴᠠᠭ ᠲᠤ ᠨᠢ ᠲᠣᠬᠢᠷᠠᠭᠤᠯᠤᠨ ᠦᠨᠡᠯᠡᠨ ᠵᠢᠱᠢᠵᠦ ᠂ ᠦᠷ᠎ᠡ ᠪᠦᠲᠦᠮᠵᠢ ᠶᠢ ᠨᠢ ᠮᠦᠷᠳᠡᠨ ᠠᠰᠠᠭᠤᠬᠤ ᠬᠡᠷᠡᠭᠲᠡᠢ ᠃       ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ ︽ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024 ﹈ 10 ᠳ᠋ᠤᠭᠠᠷ ᠲᠣᠭᠠᠲᠤ ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ2024 ᠣᠨ ᠤ 12 ᠳ᠋ᠤᠭᠠᠷ ᠰᠠᠷ᠎ᠠ ᠶᠢᠨ 31  ᠤ ᠡᠳᠦᠷ ᠳᠠᠷᠤᠮᠠᠯᠯᠠᠨ ᠲᠠᠷᠬᠠᠭᠠᠪᠠ        
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ