ᠨᠢᠭᠡ ᠳᠤ᠂ ᠣᠯᠠᠨ ᠲᠠᠯ᠎ᠠ ᠪᠠᠷ ᠪᠠᠶᠢᠷᠢᠰᠢᠭᠤᠯᠬᠤ ᠶᠢ ᠪᠠᠷᠢᠮᠲᠠᠯᠠᠪᠠ᠃ ᠪᠡᠭᠡᠵᠢᠩ᠂ ᠱᠧᠨᠵᠧᠨ᠂ ᠱᠠᠩᠬᠠᠶ ᠵᠡᠷᠭᠡ ᠭᠠᠵᠠᠷ ᠲᠤ ︽ᠴᠢᠳᠠᠪᠤᠷᠢᠲᠠᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠣᠭᠤᠷᠴᠤᠭ ᠭᠠᠵᠠᠷ︾ ᠢ ᠪᠠᠶᠢᠷᠢᠰᠢᠭᠤᠯᠤᠨ ᠪᠥᠲᠥᠭᠡᠨ ᠪᠠᠶᠢᠭᠤᠯᠵᠤ᠂ ᠵᠦᠵᠢᠶᠠᠩ ᠮᠥᠷᠡᠨ ᠤ | ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠰᠢᠨ᠎ᠡ ᠡᠭᠦᠳᠦᠯᠲᠡ ᠶᠢᠨ ᠡᠬᠢ | ᠪᠠᠶᠠᠯᠢᠭ ᠯᠤᠭ᠎ᠠ ᠬᠦᠴᠦᠷᠬᠡᠭ ᠬᠡᠯᠬᠢᠶ᠎ᠡ ᠶᠢ ᠪᠡᠶᠡᠯᠡᠭᠦᠯᠵᠦ᠂ ︽ᠰᠤᠳᠤᠯᠤᠨ ᠨᠡᠭᠡᠭᠡᠬᠦ᠂ ᠨᠡᠪᠴᠢᠭᠦᠯᠬᠦ᠂ ᠴᠢᠳᠠᠪᠤᠷᠢᠲᠠᠨ ᠣᠷᠣᠭᠤᠯᠬᠤ ᠶᠢ ᠣᠭᠤᠷᠴᠤᠭ ᠭᠠᠵᠠᠷ ᠲᠤ᠂ | ᠦᠢᠯᠡᠳᠪᠦᠷᠢᠯᠡᠬᠦ᠂ ᠲᠠᠯᠠᠪᠤᠷ ᠪᠠᠶᠢᠳᠠᠯ᠂ ᠴᠢᠳᠠᠪᠤᠷᠢᠲᠠᠨ ᠬᠡᠷᠡᠭᠯᠡᠬᠦ ᠶᠢ ᠣᠷᠳᠣᠰ ᠲᠤ︾ ᠭᠡᠬᠦ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠶᠢᠨ ᠠᠮᠢ ᠠᠬᠤᠶ ᠶᠢ ᠪᠣᠶ ᠪᠣᠯᠭᠠᠪᠠ᠃ ᠬᠤᠶᠠᠷ ᠲᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠪᠡ᠃ ︽ᠴᠢᠳᠠᠪᠤᠷᠢᠲᠠᠨ ᠢ | ᠬᠡᠷᠡᠭᠯᠡᠬᠦ ᠰᠢᠨ᠎ᠡ ᠵᠠᠰᠠᠭ ᠬᠤᠣᠰ 30 ᠵᠤᠷᠪᠤᠰ︾᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠳᠡᠯᠭᠡᠷᠡᠭᠦᠯᠬᠦ ᠰᠢᠨ᠎ᠡ ᠵᠠᠰᠠᠭ 30 ᠵᠤᠷᠪᠤᠰ 2.0 ᠬᠡᠪᠯᠡᠯ︾ ᠢ | ᠨᠡᠶᠢᠲᠡᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠣᠭᠤᠷᠴᠤᠭ ᠭᠠᠵᠠᠷ ᠤᠨ ᠡᠵᠡᠩᠨᠡᠨ ᠠᠵᠢᠯᠯᠠᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠠᠵᠤ ᠠᠬᠤᠶᠢᠯᠠᠯ᠂ ᠪᠦᠯᠬᠦᠮ ᠨᠡᠶᠢᠲᠡ ᠵᠢᠴᠢ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠣᠷᠳᠣᠰ ᠬᠤᠲᠠ ᠳᠤ | ᠣᠷᠣᠵᠤ ᠰᠠᠭᠤᠬᠤ ᠲᠥᠯᠥᠪᠦᠷᠢ ᠦᠭᠡᠢ ᠠᠯᠪᠠᠯᠠᠬᠤ ᠲᠠᠯᠠᠪᠤᠷ ᠭᠠᠵᠠᠷ᠂ ᠲᠤᠷᠰᠢᠯᠲᠠ ᠶᠢᠨ ᠲᠠᠰᠤᠭ ᠪᠠ ᠬᠠᠮᠲᠤ ᠡᠳ᠋ᠯᠡᠬᠦ ᠣᠷᠣᠨ ᠵᠠᠢ ᠬᠠᠩᠭᠠᠬᠤ ᠶᠢᠨ ᠬᠠᠮᠲᠤ ᠤᠰᠤ | ᠴᠠᠬᠢᠯᠭᠠᠨ ᠤ ᠰᠦᠢᠳᠬᠡᠯ ᠢ ᠴᠥᠮ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠪᠡ᠃ ᠭᠤᠷᠪᠠ ᠳᠤ᠂ ᠵᠥᠷᠢᠶᠡᠴᠢᠯᠡᠭᠰᠡᠨ ᠰᠢᠯᠭᠠᠨ | ᠬᠢᠨᠠᠬᠤ ᠶᠢ ᠬᠡᠷᠡᠭᠵᠢᠭᠦᠯᠪᠡ᠃ ︽ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠣᠭᠤᠷᠴᠤᠭ ᠭᠠᠵᠠᠷ︾ ᠢ ᠦᠨᠡᠯᠡᠬᠦ ᠪᠠ | ᠬᠠᠮᠢᠶᠠᠷᠬᠤ ᠠᠷᠭ᠎ᠠ ᠶᠢ ᠬᠡᠷᠡᠭᠵᠢᠭᠦᠯᠵᠦ᠂ ᠦᠨᠡᠯᠡᠨ ᠲᠣᠭᠲᠠᠭᠠᠭᠰᠠᠨ ᠣᠭᠤᠷᠴᠤᠭ ᠭᠠᠵᠠᠷ ᠲᠤ ᠬᠠᠮᠤᠭ ᠤᠨ ᠥᠨᠳᠥᠷ ᠲᠤ ᠪᠠᠨ 200 ᠲᠦᠮᠡᠨ ᠲᠥᠭᠦᠷᠢᠭ ᠤᠨ | ᠪᠠᠯᠠ ᠮᠥᠩᠭᠦ ᠶᠢᠨ ᠳᠡᠮᠵᠢᠯᠭᠡ ᠣᠯᠭᠤᠨ᠎ᠠ︔ ᠡᠯ᠎ᠡ ᠣᠭᠤᠷᠴᠤᠭ ᠭᠠᠵᠠᠷ ᠯᠤᠭ᠎ᠠ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠪᠢᠴᠢᠭ ᠲᠣᠭᠲᠠᠵᠤ᠂ | ᠭᠡᠷ᠎ᠡ ᠪᠠᠷ ᠰᠢᠯᠭᠠᠨ ᠬᠢᠨᠠᠬᠤ ᠶᠢ ᠬᠡᠷᠡᠭᠵᠢᠭᠦᠯᠦᠨ᠂ ᠰᠢᠯᠭᠠᠨ ᠬᠢᠨᠠᠭᠰᠠᠨ ᠦᠷ᠎ᠡ ᠳ᠋ᠦᠩ ᠨᠢ ᠰᠢᠯᠢᠳᠡᠭ ᠪᠠᠶᠢᠪᠠᠯ ᠬᠠᠮᠤᠭ ᠤᠨ ᠥᠨᠳᠥᠷ ᠲᠤ ᠪᠠᠨ ᠳᠠᠬᠢᠵᠤ 200 | ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠣᠯᠭᠤᠨ᠎ᠠ᠃ | |