ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠭᠦᠭᠵᠢᠭᠦᠯᠭᠦ ᠪᠤᠯ ᠪᠢᠳᠠᠨ ᠤ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2025/3/17
  ᠥᠪᠥᠷ ᠮᠣᠩᠭᠤᠯ ᠳᠤ ᠡᠯᠪᠡᠭ ᠪᠠᠶᠠᠯᠢᠭ ᠪᠣᠳᠠᠰ ᠤᠨ ᠪᠤᠰᠤ ᠰᠣᠶᠣᠯ ᠤᠨ ᠥᠪ ᠪᠠᠶᠢᠳᠠᠭ᠂ ᠡᠲᠡᠭᠡᠷ ᠦᠪᠡᠷ ᠦᠪᠡᠷ ᠤᠨ ᠤᠨᠴᠠᠯᠢᠭ ᠢᠶᠠᠨ ᠳᠤᠪᠤᠶᠢᠯᠭᠠᠭᠰᠠᠨ ᠬᠤᠪᠤᠷ ᠨᠠᠨᠳᠢᠨ ᠤᠯᠠᠮᠵᠢᠯᠠᠯᠲᠤ ᠰᠣᠶᠣᠯ ᠤᠨ ᠢᠯᠡᠳᠭᠡᠬᠦ ᠬᠡᠯᠪᠡᠷᠢ ᠪᠠ ᠤᠷ᠎ᠠ ᠮᠡᠷᠭᠡᠵᠢᠯ ᠨᠢ ᠥᠪᠥᠷ ᠮᠣᠩᠭᠤᠯ ‍ᠣᠷᠣᠨ ᠤ ᠭᠦᠨ ᠵᠤᠵᠠᠭᠠᠨ ᠲᠡᠤᠬᠡ ᠰᠣᠶᠣᠯ ᠢ ᠲᠥᠯᠥᠭᠡᠯᠡᠵᠦ᠂ ᠤᠮᠠᠷᠠᠲᠤ ᠬᠢᠯᠢ ᠶᠢᠨ ᠡᠬᠡ ᠭᠠᠵᠠᠷ ᠳᠡᠭᠡᠷᠡᠬᠢ ᠠᠷᠠᠳ ᠣᠯᠠᠨ ᠤ ᠠᠭᠤᠤ ᠶᠡᠭᠡ ᠡᠭᠦᠳᠦᠨ ᠪᠦᠲᠦᠭᠡᠬᠦ ᠬᠦᠴᠦ᠂ ᠬᠡᠳᠦᠶᠢᠳᠦᠭᠰᠡᠨ ᠤᠶᠤᠨ ᠤᠬᠠᠭᠠᠨ᠂ ᠬᠠᠮᠲᠤ ᠶᠢᠨ ᠤᠢ ᠳᠤᠷᠠᠰᠤᠮᠵᠢ ᠶᠢ ᠬᠠᠳᠠᠭᠠᠯᠠᠵᠦ ᠪᠠᠶᠢᠳᠠᠭ᠃ ᠡᠭᠦᠨ ᠢ ᠰᠠᠶᠢᠲᠤᠷ ᠤᠯᠠᠮᠵᠢᠯᠠᠵᠤ ᠰᠠᠶᠢᠲᠤᠷ ᠬᠠᠮᠠᠭᠠᠯᠠᠬᠤ ᠨᠢ ᠮᠠᠨ ᠤ ᠬᠡᠷ ᠣᠷᠣᠨ᠂ ᠮᠠᠨ ᠤ ᠦᠨᠳᠦᠰᠦ ᠪᠠᠨ ᠬᠠᠮᠠᠭᠠᠯᠠᠵᠤ ᠪᠠᠶᠢᠭ᠎ᠠ ᠲᠠᠢ ᠠᠳᠠᠯᠢ ᠶᠤᠮ᠃  ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠢ ᠨᠠᠷᠢᠨ ᠪᠦᠷᠢᠳᠭᠡᠬᠦ ᠳᠤ ᠬᠡᠯᠪᠡᠷᠢ ᠨᠢ ᠣᠯᠠᠨ᠂ ᠠᠭᠤᠯᠭ᠎ᠠ ᠨᠢ ᠡᠯᠪᠡᠭ ᠪᠠᠶᠢᠳᠠᠭ᠂ ᠲᠡᠭᠦᠨ ᠤ ᠢᠯᠡᠷᠡᠭᠦᠯᠦᠭᠰᠡᠨ ᠳᠤᠮᠳᠠᠳᠤ ᠶᠢᠨ ᠦᠨᠳᠦᠰᠦᠲᠡᠨ ᠤ ᠥᠪᠡᠷᠮᠢᠴᠡ ᠣᠶᠤᠨ ᠰᠠᠨᠠᠭᠠᠨ ᠤ ᠦᠨ᠎ᠡ ᠥᠷᠲᠡᠭ ᠪᠠ ᠰᠣᠶᠣᠯ ᠤᠨ ᠠᠭᠤᠯᠤᠭᠳᠠᠬᠤᠨ ᠨᠢ ᠰᠣᠶᠣᠯ ᠤᠨ ᠢᠲᠡᠭᠡᠯ ᠢ ᠡᠷᠴᠢᠯᠡᠬᠦ᠂ ᠭᠤᠣᠯ ᠴᠣᠭᠴᠠ ᠶᠢᠨ ᠤᠬᠠᠮᠰᠠᠷ ᠢ ᠴᠢᠩᠭᠠᠳᠬᠠᠬᠤ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ᠃  ᠮᠣᠩᠭᠤᠯ ᠦᠨᠳᠦᠰᠦᠲᠡᠨ ᠤ ᠬᠠᠳᠬᠤᠮᠠᠯ ᠭᠤᠶᠣ ᠰᠠᠶᠢᠬᠠᠨ ᠵᠢᠷᠤᠭ ᠳᠦᠷᠰᠦ᠂ ᠬᠤᠷᠴᠠ ᠢᠯᠭᠠᠷᠠᠮ᠎ᠠ ᠥᠩᠭᠡ ᠪᠤᠳᠤᠭ ᠪᠣᠯᠤᠨ ᠥᠪᠡᠷᠮᠢᠴᠡ ᠤᠷ᠎ᠠ ᠮᠡᠷᠭᠡᠵᠢᠯ ᠢᠶᠠᠷ ᠢᠶᠠᠨ ᠬᠥᠮᠦᠰ ᠤᠨ ᠠᠩᠬᠠᠷᠤᠯ ᠢ ᠲᠠᠳᠠᠵᠤ᠂ ᠬᠤᠯᠠ ᠤᠶᠢᠷ᠎ᠠ ᠳᠠᠭᠠᠨ ᠠᠯᠳᠠᠷᠰᠢᠵᠠᠢ᠃ ᠮᠤᠩᠭᠤᠯ ᠦᠨᠳᠦᠰᠦᠲᠡᠨ ᠤ ᠬᠠᠳᠬᠤᠮᠠᠯ ᠦᠪᠡᠷᠮᠢᠴᠡ ᠤᠷᠠᠯᠢᠭ ᠤᠨ ᠭᠠᠶᠢᠬᠠᠮᠰᠢᠬ ᠪᠠ ᠤᠷᠠᠨ ᠨᠠᠷᠢᠯᠢᠬ ᠮᠡᠷᠭᠡᠵᠢᠯ ᠢᠶᠠᠷ ᠢᠶᠠᠨ ᠬᠠᠮᠠᠭᠠᠯᠠᠬᠤ᠂ ᠤᠯᠠᠮᠵᠢᠯᠠᠬᠤ ᠪᠠ ᠬᠥᠭᠵᠢᠭᠦᠯᠬᠦ ᠰᠡᠳᠭᠢᠯ ᠬᠥᠳᠡᠯᠭᠡᠮ᠎ᠡ ᠦᠯᠢᠭᠡᠷ ᠢ ᠬᠦᠦᠷᠨᠢᠨ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠤᠷᠮ᠎ᠠ ᠰᠡᠳᠭᠢᠯᠭᠡ ᠪᠣᠯᠤᠨ ᠬᠦᠰᠡᠯ ᠡᠷᠡᠮᠡᠯᠵᠡᠯ ᠢ ᠢᠯᠡᠳᠭᠡᠵᠦ ᠪᠠᠶᠢᠨ᠎ᠠ᠃ ᠤᠯᠠᠮᠵᠢᠯᠠᠭᠴᠢ ᠰᠡᠴᠡᠨ ᠤᠷᠠᠯᠠᠵᠤ ᠤᠶᠤᠭᠰᠠᠨ ᠲᠠᠮᠠᠬᠢᠨ ᠬᠠᠪᠳᠠᠭ᠎ᠠ ᠪᠠᠷ ᠢᠶᠠᠨ ᠳᠠᠮᠵᠢᠭᠤᠯᠤᠨ᠂ ᠠᠷᠠᠳ ᠤᠨ ᠤᠯᠠᠮᠵᠢᠯᠠᠯᠲᠤ ᠤᠷ᠎ᠠ ᠮᠡᠷᠭᠡᠵᠢᠯ ᠤᠨ ᠲᠠᠪᠴᠠᠩ ᠳᠡᠭᠡᠷ᠎ᠡ ᠦᠨ᠎ᠡ ᠦᠷᠲᠡᠭ ᠢᠶᠠᠨ ᠪᠠᠳᠠᠷᠠᠭᠤᠯᠵᠤ ᠪᠠᠶᠢᠨ᠎ᠠ᠃  ᠲᠡᠭᠡᠪᠡᠯ ᠬᠡᠷᠬᠢᠪᠡᠯ ᠰᠠᠶ᠋ᠢ ᠪᠣᠳᠠᠰ ᠤᠨ ᠪᠤᠰᠤ ᠰᠣᠶᠣᠯ ᠤᠨ ᠥᠪ ᠤᠨ ᠦᠨ᠎ᠡ ᠦᠷᠲᠡᠭ ᠢ ᠨᠡᠩ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ ᠳᠡᠶᠢᠯᠬᠦ ᠪᠤᠢ︖ ᠰᠣᠶᠣᠯ ᠤᠨ ᠬᠠᠮᠲᠤ ᠶᠢᠨ ᠲᠠᠨᠢᠯᠲᠠ ᠪᠠᠨ ᠪᠠᠲᠤᠳᠬᠠᠵᠤ᠂ ᠰᠣᠶᠣᠯ ᠤᠨ ᠦᠨᠳᠦᠰᠦ ᠶᠢ ᠬᠠᠮᠠᠭᠠᠯᠠᠬᠤ ᠪᠤᠯ ᠴᠤᠷ ᠤᠨ ᠭᠠᠭᠴᠠ ᠵᠠᠮ ᠮᠦᠨ᠃  ᠡᠩ ᠲᠡᠷᠢᠭᠦᠨ ᠳᠤ᠂ ᠰᠣᠶᠣᠯ ᠤᠨ ᠢᠲᠡᠭᠡᠯ ᠢᠶᠠᠨ ᠪᠠᠲᠤ ᠰᠠᠬᠢᠵᠦ᠂ ᠰᠣᠶᠣᠯ ᠤᠨ ᠵᠣᠭᠰᠣᠯᠲᠠ ᠪᠠᠨ ᠪᠠᠲᠤ ᠰᠠᠬᠢᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠤᠨᠳᠤᠤᠰᠢᠭᠤᠯᠬᠤ᠂ ᠰᠢᠨ᠎ᠡ ᠶᠢ ᠡᠭᠦᠳᠦᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠠᠮᠢᠵᠢᠷᠠᠯ ᠤᠨ ᠬᠦᠴᠦᠨ ᠪᠣᠯᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠳᠠᠷᠠᠭ᠎ᠠ ᠨᠢ᠂ ᠰᠣᠶᠣᠯ ᠢ ᠬᠠᠮᠠᠭᠠᠯᠠᠨ ᠤᠯᠠᠮᠵᠢᠯᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠴᠤᠭᠴᠠᠯᠠᠨ ᠲᠤᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ︔ ᠳᠠᠬᠢᠪᠠᠯ᠂ ᠰᠢᠨ᠎ᠡ ᠠᠷᠭ᠎ᠠ ᠬᠡᠯᠪᠡᠷᠢ ᠶᠢ ᠢᠳᠡᠪᠬᠢᠲᠡᠶ ᠡᠭᠦᠳᠴᠦ᠂ ᠤᠷ᠎ᠠ ᠮᠡᠷᠭᠡᠵᠢᠯ ᠤᠨ ᠤᠯᠠᠮᠵᠢᠯᠠᠭᠴᠢ ᠶᠢ ᠬᠥᠮᠦᠵᠢᠭᠦᠯᠬᠦ ᠪᠠᠨ ᠴᠢᠩᠭᠠᠳᠬᠠᠨ᠂ ᠡᠳᠡᠭᠡᠷ ᠤᠷ᠎ᠠ ᠮᠡᠷᠭᠡᠵᠢᠯ ᠢ ᠦᠶ᠎ᠡ ᠶᠢᠨ ᠦᠶ᠎ᠡ ᠳᠤ ᠤᠯᠠᠮᠵᠢᠯᠠᠵᠤ᠂ ᠰᠢᠨ᠎ᠡ ᠠᠮᠢᠵᠢᠷᠠᠯ ᠤᠨ ᠬᠦᠴᠦᠨ ᠢ ᠨᠢ ᠬᠥᠭᠵᠢᠭᠡᠬᠦ ᠬᠡᠷᠡᠭᠲᠡᠶ᠃ ᠡᠭᠦᠨ ᠠᠴᠠ ᠭᠠᠳᠠᠨ᠎ᠠ᠂ ᠣᠲᠣ ᠦᠶ᠎ᠡ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠷᠭ᠎ᠠ ᠪᠠᠷᠢᠯ ᠢ ᠰᠠᠶᠢᠲᠤᠷ ᠠᠰᠢᠭᠯᠠᠨ᠂ ᠲᠣᠭᠠᠴᠢᠯᠠᠭᠰᠠᠨ ᠲᠠᠪᠴᠠᠩ ᠪᠠ AI ᠮᠡᠷᠭᠡᠵᠢᠯ ᠤᠨ ᠲᠡᠮᠳᠡᠭᠯᠡᠬᠦ ᠪᠠ ᠳᠠᠮᠵᠢᠭᠤᠯᠬᠤ ᠪᠠᠷ   ᠳᠠᠮᠵᠢᠨ᠂ ᠨᠠᠩ ᠣᠯᠠᠨ ᠬᠥᠮᠦᠨ ᠳᠤ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠣᠶᠢᠯᠠᠭᠠᠭᠤᠯᠬᠤ ᠶᠢᠨ ᠬᠠᠮᠲᠤ ᠲᠡᠳᠡᠨ ᠢ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠳᠤ ᠣᠷᠣᠯᠴᠠᠭᠤᠯᠬᠤ ᠬᠡᠷᠡᠭᠲᠡᠶ︔ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠵᠢᠭᠤᠯᠴᠢᠯᠠᠯ᠂ ᠰᠣᠶᠣᠯ ᠤᠨ ᠪᠦᠲᠦᠭᠡᠯᠴᠢ ᠠᠵᠤ ᠦᠢᠯᠡᠰ ᠯᠦᠭᠡ ᠭᠦᠨᠵᠡᠭᠡᠶ ᠠᠭᠤᠰᠤᠯᠴᠠᠭᠤᠯᠬᠤ ᠶᠢ ᠬᠠᠶᠢᠨ ᠰᠦᠪᠡᠭᠴᠢᠯᠡᠵᠦ᠂ ᠣᠷᠣᠨ ᠪᠦᠰᠡ ᠶᠢᠨ ᠣᠨᠴᠠᠯᠢᠭ ᠲᠠᠢ ᠰᠣᠶᠣᠯ ᠤᠨ ᠲᠦᠷᠦᠯ ᠲᠡᠮᠳᠡᠭ ᠢ ᠬᠦᠭᠵᠢᠭᠦᠯᠦᠨ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠬᠥᠭᠵᠢᠯᠲᠡ ᠶᠢᠨ ᠣᠷᠣᠨ ᠵᠠᠶ ᠶᠢ ᠦᠷᠭᠡᠳᠭᠡᠬᠦ ᠬᠡᠷᠡᠭᠲᠡᠶ᠃  ᠲᠦᠪ ᠶᠣᠰᠣ ᠶᠢ ᠡᠷᠬᠢᠮᠯᠡᠨ᠂ ᠦᠩᠭᠡᠷᠡᠭᠰᠡᠨ ᠢᠶᠠᠨ ᠳ᠋ᠦᠩᠨᠡᠨ᠎ᠡ︔ ᠰᠢᠨ᠎ᠡ ᠶᠢ ᠡᠭᠦᠳᠦᠨ᠂ ᠢᠷᠡᠭᠡᠳᠦᠢ ᠶᠢ ᠵᠤᠷᠢᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠬᠦ ᠪᠣᠯ ᠳᠠᠷᠤᠢ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠶᠠᠪᠤᠳᠠᠯ ᠪᠣᠯᠤᠨ᠎ᠠ᠂ ᠳᠠᠷᠤᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠨᠡᠩ ᠴᠢᠩᠭ᠎ᠠ ᠠᠮᠢᠵᠢᠷᠠᠯ ᠤᠨ ᠬᠦᠴᠦᠨ ᠨᠡᠮᠡᠷᠢᠯᠡᠬᠦ ᠶᠠᠪᠤᠳᠠᠯ ᠪᠣᠯᠤᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ