ᠲᠠᠯᠠᠳ ᠬᠤᠰᠢᠭᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ 50 ᠲᠦᠮᠡᠨ ᠺᠢᠯᠤᠸᠠᠲ ᠤᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠪᠠ
ᠨᠡᠶᠢᠲᠡᠯᠡᠭᠰᠡᠨ ᠴᠠᠭ᠄
2025/3/3
    2 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠳᠠᠯᠠᠳ ᠬᠤᠰᠢᠭᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ 50 ᠲᠦᠮᠡᠨ ᠺᠢᠯᠣᠸᠠᠲ ᠤᠨ ᠬᠡᠷᠡᠯ ᠴᠡᠨᠡᠭ ᠤᠨ ᠨᠢᠭᠡ ᠴᠣᠭᠴᠠᠵᠢᠭᠰᠠᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ᠃ ᠲᠣᠰ ᠲᠥᠷᠥᠯ ᠵᠦᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠭᠤᠤᠯᠳᠠᠯᠭ᠎ᠠ ᠲᠠᠢ ᠠᠬᠢᠭᠤᠯᠵᠤ ᠪᠠᠶᠢᠭ᠎ᠠ ᠰᠢᠨ᠎ᠡ ᠡᠨᠧᠷᠭᠢ ᠶᠢᠨ ᠲᠥᠷᠥᠯ ᠵᠦᠢᠯ ᠤᠨ ᠨᠢᠭᠡ ᠪᠣᠯᠤᠨ᠎ᠠ᠂ ᠮᠥᠨ ᠴᠦ ᠣᠷᠳᠣᠰ ᠬᠤᠲᠠ ᠶᠢᠨ ︽ᠰᠠᠯᠬᠢ ᠭᠡᠷᠡᠯ ᠤᠰᠤᠲᠥ᠋ᠷᠥᠭᠴᠢ ᠶᠢ ᠬᠠᠳᠠᠭᠠᠯᠠᠬᠤ ᠲᠡᠷᠭᠡ︾ ᠶᠢᠨ ᠠᠵᠤ ᠦᠢᠯᠡᠰ ᠢ ᠪᠣᠶ ᠪᠣᠯᠭᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃    ᠲᠥᠷᠥᠯ ᠵᠦᠢᠯ ᠨᠢ ᠳᠠᠯᠠᠳ ᠬᠤᠰᠢᠭᠤᠨ ᠤ ᠬᠥᠪᠴᠢ ᠶᠢᠨ ᠡᠯᠡᠰᠦᠨ ᠴᠥᠯ ᠤᠨ ᠳᠣᠲᠣᠷ᠎ᠠ ᠪᠠᠶᠢᠷᠢᠯᠠᠵᠤ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 25 ᠳ᠋ᠦᠩᠰᠢᠭᠤᠷ ᠲᠥᠭᠦᠷᠢᠭ ᠪᠠᠶᠢᠵᠤ᠂ 1.5 ᠲᠦᠮᠡᠨ ᠮᠥ ᠲᠠᠯᠠᠪᠠᠶ ᠡᠵᠡᠯᠡᠵᠦ᠂ 50 ᠲᠦᠮᠡᠨ ᠺᠢᠯᠣᠸᠠᠲ ᠤᠨ ᠬᠡᠷᠡᠯ ᠴᠡᠨᠡᠭ ᠢ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠤᠨ ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ 8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 39 ᠲᠦᠮᠡᠨ ᠲᠣᠨ ᠪᠠᠷᠢᠮᠵᠢᠶ᠎ᠠ ᠨᠡᠭᠦᠷᠡᠰᠦ ᠶᠢ ᠠᠷᠪᠢᠯᠠᠭᠰᠠᠨ ᠲᠠᠢ ᠲᠡᠩᠴᠡᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠬᠡᠮᠵᠢᠶ᠎ᠡ ᠪᠠᠷᠤᠭ 79 ᠲᠦᠮᠡᠨ ᠲᠣᠨ ᠪᠠᠭᠠᠰᠴᠤ᠂ ᠰᠠᠶᠢᠨ ᠠᠵᠤ ᠠᠬᠤᠢ ᠶᠢᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠲᠠᠢ ᠪᠣᠯᠪᠠ᠃
达拉特旗防沙治沙50万千瓦光伏一体化一期项目开工建设.jpg
    ᠲᠣᠰ ᠲᠥᠷᠥᠯ ᠵᠦᠢᠯ ᠤᠨ ᠰᠢᠨ᠎ᠡ ᠶᠢ ᠡᠭᠦᠳᠬᠦ ᠴᠢᠨᠠᠷᠲᠠᠶ ᠪᠠᠷ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠤᠶᠠᠯᠳᠤᠭᠤᠯᠵᠤ᠂ ︽ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠣᠤᠷ᠎ᠠ ᠳᠠᠷᠢᠬᠤ᠂ ᠬᠠᠪᠲᠠᠰᠤᠨ ᠳᠡᠭᠡᠷ᠎ᠡ ᠲᠡᠵᠢᠭᠡᠨ ᠦᠷᠡᠵᠢᠭᠦᠯᠬᠦ︾ ᠪᠣᠰᠤᠭ᠎ᠠ ᠴᠣᠭᠴᠠᠲᠤ ᠬᠥᠭᠵᠢᠯᠲᠡ ᠶᠢᠨ ᠵᠠᠭᠪᠤᠷ ᠢ ᠬᠡᠷᠡᠭᠯᠡᠨ᠂ ᠬᠡᠷᠡᠯ ᠴᠡᠨᠡᠭ ᠤᠨ ᠬᠠᠪᠲᠠᠰᠤ ᠶᠢᠨ ᠳᠣᠤᠷ᠎ᠠ ᠭᠠᠩ ᠬᠠᠭᠰᠠᠷᠠᠭᠠᠨ ᠳᠤ ᠲᠡᠰᠪᠦᠷᠢᠲᠡᠶ ᠲᠠᠷᠢᠮᠠᠯ ᠪᠠ ᠲᠡᠵᠢᠭᠡᠯ ᠡᠪᠡᠰᠦ ᠳᠠᠷᠢᠵᠤ᠂ ᠣᠨᠴᠠᠯᠢᠭᠲᠤ ᠲᠡᠵᠢᠭᠡᠨ ᠦᠷᠡᠵᠢᠭᠦᠯᠬᠦ ᠦᠶ᠋ᠯᠡᠰ ᠢ ᠬᠥᠭᠵᠢᠭᠦᠯᠦᠨ᠂ ᠠᠮᠢ ᠠᠬᠤᠶ ᠶᠢᠨ ᠵᠠᠰᠠᠯᠲᠠ ᠬᠢᠭᠡᠳ ᠠᠵᠤ ᠠᠬᠤᠶ ᠶᠢᠨ ᠦᠷ᠎ᠡ ᠠᠰᠢᠭ ᠤᠨ ᠬᠤᠤᠰ ᠠᠮᠵᠢᠯᠲᠠ ᠶᠢ ᠪᠡᠶᠡᠯᠡᠭᠦᠯᠦᠨ᠎ᠡ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠵᠤ᠂ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠣᠷᠳᠣᠰ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠣᠬᠢᠷᠲᠤᠯ ᠥᠬᠡᠶ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃    ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠳᠠᠯᠠᠳ ᠬᠤᠰᠢᠭᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ 50 ᠲᠦᠮᠡᠨ ᠺᠢᠯᠣᠸᠠᠲ ᠤᠨ ᠬᠡᠷᠡᠯ ᠴᠡᠨᠡᠭ ᠤᠨ ᠨᠢᠭᠡ ᠴᠣᠭᠴᠠᠵᠢᠭᠰᠠᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠨᠢ ᠣᠷᠳᠣᠰ ᠬᠤᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠪᠣᠯᠤᠨ᠎ᠠ᠃ 
ᠢᠷᠡᠯᠲᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ