ᠡᠯᠡᠰᠥᠨ ᠰᠢᠭᠤᠷᠭ᠎ᠠ ᠭᠡᠳᠡᠭ ᠪᠤᠯ ᠭᠠᠩ ᠬᠠᠭᠤᠷᠠᠢ ᠭᠠᠵᠠᠷ ᠤᠷᠤᠨ ᠳᠤ ᠥᠷᠬᠦᠯᠵᠢ ᠢᠯᠡᠷᠡᠳᠡᠭ ᠨᠢᠭᠡ ᠵᠥᠢᠯ ᠤᠨ ᠪᠠᠶᠢᠭᠠᠯᠢ ᠶᠢᠨ ᠥᠵᠡᠭᠳᠡᠯ ᠮᠥᠨ᠂ | ᠭᠤᠤᠯᠳᠠᠭᠤ ᠠᠭᠤᠷ ᠠᠮᠢᠰᠬᠤᠯ ᠵᠢᠴᠢ ᠭᠠᠩ ᠬᠠᠭᠤᠷᠠᠢ ᠤᠷᠴᠢᠨ ᠲᠤᠭᠤᠷᠢᠨ ᠤ ᠪᠠᠶᠢᠳᠠᠯ ᠤᠨ ᠨᠥᠯᠥᠭᠡᠯᠡᠯ ᠢ ᠬᠥᠷᠳᠡᠵᠤ᠂ ᠬᠥᠮᠥᠨ ᠲᠥᠷᠥᠯᠬᠢᠳᠡᠨ ᠤ ᠠᠵᠢᠯᠯᠠᠭ᠎ᠠ | ᠨᠢ ᠮᠥᠨ ᠴᠤ ᠡᠯᠡᠰᠥᠨ ᠰᠢᠭᠤᠷᠭ᠎ᠠ ᠲᠠᠢ ᠨᠢᠭᠳᠠ ᠬᠠᠷᠢᠴᠠᠭ᠎ᠠ ᠲᠠᠢ ᠪᠠᠶᠢᠳᠠᠭ᠃ ᠮᠠᠨ ᠤ ᠤᠯᠤᠰ ᠤᠨ ᠴᠠᠭ ᠠᠭᠤᠷ ᠤᠨ ᠰᠠᠯᠠᠭ᠎ᠠ ᠮᠥᠴᠢᠷ ᠤᠨ ᠲᠤᠭᠳᠠᠭᠠᠯ ᠢ | ᠥᠨᠳᠥᠰᠥᠯᠡᠪᠡᠯ᠂ ᠡᠯᠡᠰᠥ ᠲᠤᠭᠤᠰᠤ ᠰᠢᠭᠤᠷᠭᠠᠯᠠᠬᠤ ᠶᠢ ᠲᠤᠭᠤᠰᠤ ᠲᠡᠭᠳᠡᠬᠦ᠂ ᠡᠯᠡᠰᠥ ᠭᠡᠶᠢᠰᠬᠦ᠂ ᠡᠯᠡᠰᠥᠨ ᠰᠢᠭᠤᠷᠭ᠎ᠠ᠂ ᠰᠢᠷᠥᠬᠦᠨ ᠡᠯᠡᠰᠥᠨ ᠰᠢᠭᠤᠷᠭ᠎ᠠ ᠬᠢᠭᠡᠳ | ᠤᠨᠴᠠ ᠶᠡᠭᠡ ᠡᠯᠡᠰᠥᠨ ᠰᠢᠭᠤᠷᠭ᠎ᠠ ᠭᠡᠵᠤ ᠬᠤᠪᠢᠶᠠᠳᠠᠭ᠃ | ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ | ᠡᠯᠡᠰᠥᠨ ᠰᠢᠭᠤᠷᠭ᠎ᠠ ᠶᠢᠨ ᠤᠷᠢᠳᠴᠢᠯᠠᠭᠰᠠᠨ ᠮᠡᠳᠡᠭᠡ ᠶᠢ ᠤᠯᠤᠭᠰᠠᠨ ᠤ ᠲᠠᠷᠠᠭ᠎ᠠ᠂ ᠠᠷᠭ᠎ᠠ ᠭᠡᠮᠵᠢᠶ᠎ᠡ ᠠᠪᠴᠤ ᠪᠠᠶᠢᠭᠠᠳ ᠲᠤᠯᠠᠭᠠᠨ ᠬᠥᠯᠡᠮᠵᠢ ᠪᠠᠨ ᠪᠠᠬᠢᠯᠡᠵᠤ᠂ | ᠬᠤᠬᠢᠷᠠᠯ ᠡᠪᠳᠡᠯᠭᠡ ᠶᠢ ᠪᠠᠭᠠᠰᠬᠠᠬᠤ ᠭᠡᠷᠡᠭᠳᠡᠢ᠃ ᠮᠠᠯᠴᠢᠳ ᠮᠠᠯ ᠢᠶᠠᠨ ᠬᠥᠷᠢᠶ᠎ᠡ ᠬᠠᠰᠢᠶᠠᠨ ᠳᠠᠭᠠᠨ ᠲᠠᠷᠦ᠋ᠢᠬᠠᠨ ᠬᠤᠷᠢᠵᠤ᠂ ᠤᠷᠤᠭᠤᠳᠠᠵᠤ ᠶᠠᠪᠤᠬᠤ ᠠᠴᠠ | ᠰᠡᠷᠭᠡᠶᠢᠯᠡᠬᠦ ᠭᠡᠷᠡᠭᠳᠡᠢ᠃ ᠭᠡᠷᠪᠡ ᠮᠠᠯ ᠰᠥᠷᠥᠭ ᠨᠢ ᠭᠡᠷ ᠡᠷᠥᠭᠡ ᠠᠴᠠ ᠪᠠᠨ ᠬᠤᠯᠠ ᠪᠠᠶᠢᠪᠠᠯ᠂ ᠤᠢᠢᠷᠠᠯᠴᠠᠭ᠎ᠠ ᠪᠠᠶᠢᠭ᠎ᠠ ᠰᠠᠯᠬᠢ ᠬᠠᠯᠬᠠᠯᠠᠬᠤ ᠭᠠᠵᠠᠷ ᠲᠤ ᠥᠳᠳᠡᠷ | ᠲᠥᠷᠭᠡᠨ ᠤᠴᠢᠬᠤ ᠭᠡᠷᠡᠭᠳᠡᠢ᠃ | ᠪᠠᠷᠢᠯᠭ᠎ᠠ ᠶᠢᠨ ᠭᠠᠵᠠᠷ ᠲᠠᠬᠢ ᠰᠠᠯᠬᠢᠨ ᠳᠤ ᠠᠮᠠᠷᠬᠠᠨ ᠭᠡᠶᠢᠰᠳᠡᠭ ᠪᠠᠷᠢᠯᠭ᠎ᠠ ᠶᠢᠨ ᠮᠠᠲ᠋ᠧᠷᠢᠶᠠᠯ ᠪᠤᠶᠤ ᠬᠠᠶᠠᠭᠳᠠᠮᠠᠯ ᠪᠤᠳᠠᠰ ᠢᠶᠠᠨ ᠰᠠᠶᠢᠳᠤᠷ ᠲᠠᠷᠤᠵᠤ | ᠲᠠᠯᠪᠢᠨ᠎ᠠ᠃ | ᠡᠯᠡᠰᠥᠨ ᠰᠢᠭᠤᠷᠭ᠎ᠠ ᠲᠠᠢ ᠡᠳᠥᠷ ᠤᠨ ᠠᠭᠤᠷ ᠠᠮᠢᠰᠬᠤᠯ ᠨᠢ ᠭᠠᠩ ᠬᠠᠭᠤᠷᠠᠢ᠂ ᠲᠥᠢᠮᠥᠷ ᠠᠮᠠᠷᠬᠠᠨ ᠡᠬᠦᠰᠳᠡᠭ ᠲᠤᠯᠠ ᠴᠠᠬᠢᠯᠭᠠᠨ ᠢ ᠠᠩᠬᠠᠷᠤᠨ | ᠬᠠᠮᠢᠶᠠᠷᠴᠤ᠂ ᠭᠠᠯ ᠤᠨ ᠠᠶᠤᠯ ᠡᠬᠦᠰᠬᠦ ᠠᠴᠠ ᠰᠡᠷᠭᠡᠶᠢᠯᠡᠨ᠎ᠡ᠃ | ᠶᠠᠪᠤᠭᠤᠯ ᠤᠨ ᠬᠥᠮᠥᠰ ᠥᠨᠳᠥᠷ ᠪᠠᠷᠢᠯᠭ᠎ᠠ᠂ ᠪᠠᠷᠢᠯᠭ᠎ᠠ ᠶᠢᠨ ᠭᠠᠵᠠᠷ᠂ ᠵᠠᠷ ᠤᠨ ᠫᠠᠶᠢᠰᠠ᠂ ᠬᠥᠭᠰᠢᠷᠡᠭᠰᠡᠨ ᠮᠤᠳᠤ ᠵᠡᠷᠭᠡ ᠠᠴᠠ ᠬᠤᠯᠠ ᠵᠠᠶᠢᠯᠠᠵᠤ᠂ ᠲᠡᠭᠡᠷ᠎ᠡ ᠠᠴᠠ | ᠤᠨᠠᠵᠤ ᠢᠷᠡᠭᠰᠡᠨ ᠶᠠᠭᠤᠮᠠᠨ ᠳᠤ ᠴᠤᠬᠢᠭᠳᠠᠬᠤ ᠠᠴᠠ ᠰᠡᠷᠭᠡᠶᠢᠯᠡᠬᠦ ᠭᠡᠷᠡᠭᠳᠡᠢ᠃ ᠤᠰᠤᠨ ᠰᠤᠪᠠᠭ᠂ ᠤᠰᠤᠨ ᠴᠥᠬᠦᠷᠥᠮ ᠠᠴᠠ ᠵᠠᠶᠢᠳᠠᠭᠤ ᠪᠠᠶᠢᠵᠤ᠂ ᠤᠰᠤᠨ ᠳᠤ | ᠤᠨᠤᠬᠤ ᠠᠴᠠ ᠰᠡᠷᠭᠡᠶᠢᠯᠡᠵᠤ ᠪᠤᠯᠤᠨ᠎ᠠ᠃ | ᠰᠤᠷᠭᠠᠭᠤᠯᠢ ᠨᠤᠭᠤᠳ ᠰᠤᠷᠤᠭᠴᠢ ᠪᠠᠨ ᠭᠠᠳᠠᠭᠰᠢ ᠭᠠᠷᠭᠠᠬᠤ ᠥᠭᠡᠢ ᠪᠠᠶᠢᠵᠤ᠂ ᠡᠯᠡᠰᠥᠨ ᠰᠢᠭᠤᠷᠭ᠎ᠠ ᠥᠡᠭᠭᠡᠷᠡᠭᠰᠡᠨ ᠤ ᠲᠠᠷᠠᠭ᠎ᠠ ᠰᠠᠶ᠋ᠢ ᠰᠤᠷᠭᠠᠭᠤᠯᠢ ᠠᠴᠠ ᠪᠠᠨ | ᠭᠠᠷᠭᠠᠬᠤ ᠭᠡᠷᠡᠭᠳᠡᠢ᠃ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠭᠡᠷᠪᠡ ᠰᠤᠷᠭᠠᠭᠤᠯᠢ ᠠᠴᠠ ᠪᠠᠨ ᠭᠠᠷᠴᠤ ᠭᠡᠷ ᠲᠡᠭᠡᠨ ᠬᠠᠷᠢᠬᠤ ᠵᠠᠮ ᠳᠠᠭᠠᠨ ᠡᠯᠡᠰᠥᠨ | ᠰᠢᠭᠤᠷᠭ᠎ᠠ ᠳᠤ ᠲᠤᠬᠢᠶᠠᠯᠳᠤᠪᠠᠯ ᠰᠠᠯᠬᠢ ᠬᠠᠯᠬᠠᠯᠠᠬᠤ ᠠᠮᠤᠷ ᠲᠥᠪᠰᠢᠨ ᠭᠠᠵᠠᠷ ᠲᠤ ᠬᠤᠷᠭᠤᠳᠠᠵᠤ᠂ ᠥᠨᠳᠥᠷ ᠬᠥᠴᠥᠳᠡᠯᠳᠤ ᠴᠠᠬᠢᠯᠭᠠᠨ ᠤᠳᠠᠰᠤ ᠠᠴᠠ ᠬᠤᠯᠠ | ᠪᠠᠶᠢᠬᠤ ᠭᠡᠷᠡᠭᠳᠡᠢ᠃ | |