ᠣᠶᠢᠷ᠎ᠠ ᠳᠤ᠂ ᠰᠤᠷᠪᠤᠯᠵᠢᠯᠠᠭᠴᠢ ᠳᠠᠯᠠᠳᠬᠤᠰᠢᠭᠤᠨ ᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠾᠦᠢ ᠳ᠋ᠠ ᠢ ᠳ᠋ᠤᠤ ᠪᠠᠷᠢᠮᠵᠢᠶᠠᠵᠢᠭᠰᠠᠨ | ᠦᠢᠯᠡᠳᠪᠦᠷᠢ ᠶᠢᠨ ᠲᠠᠰᠤᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠲᠣᠮᠣ ᠬᠡᠯᠪᠡᠷᠢ ᠶᠢᠨ ᠮᠠᠰᠢᠨ | ᠮᠧᠬᠠᠨᠢᠭ ᠢ ᠬᠠᠮᠵᠢᠯᠴᠠᠨ ᠠᠵᠢᠯᠯᠠᠵᠤ᠂ ᠲᠡᠭᠡᠭᠡᠪᠦᠷᠢ ᠶᠢᠨ ᠲᠡᠷᠭᠡ ᠨᠠᠰᠢ ᠴᠠᠰᠢ ᠰᠦᠯᠵᠢᠯᠳᠦᠵᠦ᠂ ᠡᠯ᠎ᠡ ᠪᠠᠷᠢᠯᠭ᠎ᠠ ᠶᠢᠨ ᠣᠷᠣᠨ ᠤ ᠠᠵᠢᠯᠴᠢᠳ ᠡᠮᠬᠢ ᠵᠢᠷᠤᠮ ᠲᠠᠢ | ᠠᠵᠢᠯᠯᠠᠵᠤ᠂ ᠬᠥᠷ ᠬᠥᠭᠵᠢᠶᠡᠨ ᠲᠠᠢ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢᠯᠡᠷᠡᠪᠡ᠃ | | | ᠾᠦᠢ ᠳ᠋ᠠ ᠢ ᠳ᠋ᠤᠤ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠤᠨ ᠲᠦᠷᠦᠯ ᠵᠦᠢᠯ ᠢ ᠲᠠᠯᠠᠳ ᠬᠤᠰᠢᠭᠤᠨ ᠤ ᠬᠠᠷᠢᠶ᠎ᠠ ᠤᠯᠤᠰ ᠤᠨ ᠦᠮᠴᠢᠯᠡᠯᠳᠦ | ᠠᠵᠤ ᠠᠬᠤᠶᠢᠯᠠᠯ ᠤᠨ ᠬᠤᠢ ᠳ᠋ᠠ ᠡᠨᠧᠷᠭᠢ ᠶᠢᠨ ᠪᠦᠯᠦᠭᠯᠡᠯ ᠤᠨ ᠪᠦᠬᠦ ᠬᠤᠪᠢᠶᠠᠷᠢ ᠺᠣᠮᠫᠠᠨᠢ ᠶᠢᠨ ᠾᠦᠢ ᠳ᠋ᠠ ᠢ ᠳ᠋ᠤᠤ ᠺᠣᠮᠫᠠᠨᠢ ᠠᠴᠠ ᠪᠡᠯᠡ ᠣᠷᠣᠭᠤᠯᠤᠨ | ᠪᠦᠳᠦᠭᠡᠨ ᠪᠠᠶᠢᠭᠤᠯᠵᠤ᠂ 2025 ᠤᠨ ᠤ 3 ᠰᠠᠷ᠎ᠠ ᠶᠢᠨ 8 ᠤ ᠡᠳᠦᠷ ᠪᠠᠷᠢᠯᠭ᠎ᠠ ᠡᠬᠢᠯᠡᠭᠦᠯᠪᠡ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 2 | ᠳ᠋ᠦᠩᠰᠢᠭᠤᠷ ᠲᠥᠭᠦᠷᠢᠭ᠂ ᠡᠵᠡᠯᠡᠬᠦ ᠲᠠᠯᠠᠪᠠᠶ ᠨᠢ 141 ᠮᠥ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 49784 ᠲᠡᠭᠰᠢ ᠳᠥᠷᠪᠡᠯᠵᠢᠨ ᠮᠧᠲᠷ᠂ ᠡᠭᠦᠨ ᠳᠤ 7 | ᠣᠳᠣᠬᠢᠴᠢᠯᠠᠭᠰᠠᠨ ᠪᠠᠷᠢᠮᠵᠢᠶᠠᠲᠤ ᠦᠢᠯᠡᠳᠪᠦᠷᠢ ᠶᠢᠨ ᠬᠡᠷ ᠪᠠᠶᠢᠰᠢᠩ ᠵᠢᠴᠢ ᠢᠵᠢ ᠪᠥᠷᠢᠳᠦᠭᠦᠯᠬᠦ ᠶᠡᠷᠦᠩᠬᠡᠶᠢᠯᠡᠭᠰᠡᠨ ᠠᠰᠠᠷ ᠵᠡᠷᠭᠡ ᠪᠠᠭᠲᠠᠨ᠎ᠠ᠃ | ᠳᠠᠯᠠᠳ ᠬᠤᠰᠢᠭᠤ ᠨᠢ ᠨᠢᠭᠡᠳᠦᠯᠲᠡᠶ ᠲᠥᠯᠥᠪᠵᠢᠭᠦᠯᠬᠦ᠂ ᠨᠢᠭᠡᠳᠦᠯᠲᠡᠶ ᠲᠥᠯᠥᠪᠯᠡᠬᠦ᠂ ᠨᠢᠭᠡᠳᠦᠯᠲᠡᠶ ᠭᠠᠵᠠᠷ ᠠᠪᠬᠤ᠂ ᠨᠢᠭᠡᠳᠦᠯᠲᠡᠶ ᠪᠥᠲᠥᠭᠡᠨ ᠪᠠᠶᠢᠭᠤᠯᠬᠤ᠂ | ᠨᠢᠭᠡᠳᠦᠯᠲᠡᠶ ᠬᠠᠮᠢᠶᠠᠷᠬᠤ ︽ᠲᠠᠪᠤ ᠶᠢ ᠨᠢᠭᠡᠳᠦᠯᠲᠡᠶ ᠪᠠᠶᠢᠯᠭᠠᠬᠤ︾ ᠵᠠᠭᠪᠤᠷ ᠢᠶᠠᠷ ᠳᠠᠮᠵᠢᠭᠤᠯᠤᠨ᠂ ᠣᠷᠣᠵᠤ ᠰᠠᠭᠤᠭᠰᠠᠨ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠤᠶᠢᠯᠡᠳᠬᠦ ᠠᠵᠤ ᠠᠬᠤᠶᠢᠯᠠᠯ ᠳᠤ ᠨᠡᠶᠢᠳᠡᠮ ᠬᠡᠷᠡᠭᠯᠡᠬᠦ ᠴᠢᠨᠠᠷᠲᠠᠶ᠂ ᠵᠣᠬᠢᠴᠠᠬᠤ ᠴᠢᠨᠠᠷᠲᠠᠶ᠂ ᠬᠤᠷᠢᠶᠠᠬᠤ ᠬᠡᠯᠪᠡᠷᠢ ᠶᠢ ᠨᠢᠭᠡ ᠴᠣᠭᠴᠠᠵᠢᠭᠤᠯᠤᠭᠰᠠᠨ | ᠪᠠᠷᠢᠮᠵᠢᠶᠠᠵᠢᠭᠤᠯᠤᠭᠰᠠᠨ ᠣᠶᠢᠯᠡᠳᠪᠦᠷᠢ ᠶᠢᠨ ᠬᠡᠷ ᠪᠠᠶᠢᠰᠢᠩ ᠬᠠᠩᠭᠠᠵᠤ᠂ ᠠᠵᠤ ᠣᠶᠢᠯᠡᠰ ᠤᠨ ᠬᠦᠷᠢᠶᠡᠯᠡᠩ ᠤᠨ ᠳᠠᠭᠠᠭᠠᠴᠠ ᠶᠢ ᠳᠡᠭᠡᠭᠰᠢᠯᠡᠭᠦᠯᠬᠦ ᠮᠥᠷᠲᠡᠭᠡᠨ ᠪᠠᠰᠠ | ᠡᠯ᠎ᠡ ᠣᠶᠢᠯᠡᠳᠪᠦᠷᠢᠯᠡᠯ ᠤᠨ ᠠᠵᠤ ᠠᠬᠤᠶᠢᠯᠠᠯ ᠤᠨ ᠣᠶᠢᠯᠡᠳᠪᠦᠷᠢᠯᠡᠯ ᠤᠨ ᠱᠠᠭᠠᠷᠳᠠᠯᠭ᠎ᠠ ᠶᠢ ᠬᠠᠩᠭᠠᠵᠤ᠂ ᠣᠷᠣᠵᠤ ᠰᠠᠭᠤᠭᠰᠠᠨ ᠠᠵᠤ | ᠠᠬᠤᠶᠢᠯᠠᠯ ᠤᠨᠣᠶᠢᠯᠡᠳᠪᠦᠷᠢᠯᠡᠯ ᠤᠨ ᠪᠤᠰᠤ ᠴᠢᠨᠠᠷᠲᠠᠶ ᠣᠷᠣᠭᠤᠯᠤᠯᠲᠠ ᠶᠢ ᠪᠦᠲᠦᠮᠵᠢᠲᠡᠶ ᠪᠠᠭᠠᠰᠬᠠᠵᠤ᠂ ᠲᠥᠷᠥᠯ ᠵᠦᠢᠯ ᠤᠨ ᠠᠰᠢᠭᠯᠠᠯᠲᠠ ᠳᠤ ᠣᠷᠣᠬᠤ | ᠦᠶ᠎ᠡ ᠶᠢᠨ ᠬᠤᠭᠤᠴᠠᠭ᠎ᠠ ᠶᠢ ᠪᠣᠭᠤᠨᠢᠰᠬᠠᠵᠤ᠂ ᠠᠵᠤ ᠠᠬᠤᠶᠢᠯᠠᠯ ᠤᠨ ᠡᠷᠲᠡᠬᠡᠨ ᠠᠰᠢᠭᠯᠠᠯᠲᠠ ᠳᠤ ᠣᠷᠣᠬᠤ᠂ ᠡᠷᠲᠡᠬᠡᠨ ᠦᠷ᠎ᠡ ᠪᠦᠲᠦᠮᠵᠢ ᠤᠯᠬᠤ ᠳᠤ ᠬᠦᠴᠦᠨ | ᠨᠡᠮᠡᠷᠢᠯᠡᠵᠦ᠂ ᠡᠭᠦᠨ ᠤ ᠤᠯᠠᠮ ᠠᠴᠠ ᠮᠠᠨ ᠤ ᠬᠤᠰᠢᠭᠤᠨ ᠤ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠣᠶᠢᠯᠡᠳᠬᠦ ᠣᠶᠢᠯᠡᠰ ᠤᠨ ᠠᠵᠤ ᠣᠶᠢᠯᠡᠰ ᠤᠨ | ᠰᠦᠷᠦᠭᠵᠢᠨ ᠬᠥᠭᠵᠢᠬᠦ ᠶᠢ ᠠᠬᠢᠭᠤᠯᠬᠤ ᠪᠤᠯᠤᠨ᠎ᠠ᠃ | |