ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠣᠶᠣᠯ ᠪᠡᠶ᠎ᠡ ᠶᠢᠨ ᠲᠠᠮᠢᠷ ᠤᠨ | ᠠᠵᠢᠯᠯᠠᠭ᠎ᠠ ᠬᠢᠭᠡᠳ ᠦᠨᠳᠦᠰᠦᠨ ᠱᠠᠲᠤᠨ ᠤ ᠠᠭᠤᠰᠤᠯᠴᠠᠯ ᠢ ᠭᠦᠨᠵᠡᠭᠡᠶᠢᠷᠡᠭᠦᠯᠬᠦ ᠶᠢᠨ ᠲᠥᠯᠥᠭᠡ᠂ ᠴᠠᠭᠠᠨ ᠰᠤᠪᠤᠷᠭ᠎ᠠ ᠵᠡᠭᠡᠯᠢ ᠭᠤᠳᠤᠮᠵᠢ ᠶᠢᠨ ᠴᠠᠭᠠᠨ ᠰᠤᠪᠤᠷᠭ᠎ᠠ | ᠨᠡᠶᠢᠭᠡᠮ ᠲᠣᠭᠤᠷᠢᠭ᠂ ᠳᠠᠯᠠᠳ ᠬᠤᠰᠢᠭᠤᠨ ᠤ ᠡᠭᠦᠳᠡᠨ ᠪᠥᠮᠪᠦᠭᠡ ᠶᠢᠨ ᠨᠡᠶᠢᠭᠡᠮᠯᠢᠭ ᠲᠠᠢ ᠬᠠᠮᠲᠤᠷᠠᠨ 4 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ ︽ | ᠡᠭᠦᠳᠡᠨ ᠪᠥᠮᠪᠦᠭᠡ ᠶᠢᠨ ᠤᠷᠤᠯᠳᠤᠭᠠᠨ ᠤ ᠳᠡᠯᠭᠡᠨ ᠦᠵᠡᠭᠦᠯᠬᠦ ᠠᠮᠢᠵᠢᠷᠠᠯ ᠤᠨ ᠬᠦᠴᠦᠨ ᠪᠤᠯᠤᠨ ᠰᠣᠶᠣᠯ ᠪᠡᠶ᠎ᠡ ᠲᠠᠮᠢᠷ ᠤᠨ ᠠᠭᠤᠰᠤᠯᠴᠠᠯ ᠢᠶᠠᠷ ᠠᠷᠠᠳ ᠤᠨ | ᠰᠡᠳᠬᠢᠯ ᠢ ᠨᠢᠭᠲᠠᠷᠠᠭᠤᠯᠬᠤ︾ ᠵᠢᠴᠢ ᠡᠭᠦᠳᠡᠨ ᠪᠥᠮᠪᠦᠭᠡ ᠶᠢᠨ ᠨᠥᠬᠦᠷᠰᠡᠭ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠪᠡ᠃ ᠠᠵᠢᠯᠯᠠᠭ᠎ᠠ ᠶᠢᠨ ᠵᠣᠷᠢᠯᠭ᠎ᠠ ᠨᠢ | ᠪᠡᠶ᠎ᠡ ᠶᠢᠨ ᠲᠠᠮᠢᠷ ᠤᠨ ᠤᠷᠤᠯᠳᠤᠭᠠᠨ ᠢᠶᠠᠷ ᠳᠠᠮᠵᠢᠭᠤᠯᠤᠨ ᠬᠥᠷᠰᠢ ᠵᠡᠷᠭᠡᠯᠡᠳᠡᠭᠡ ᠶᠢᠨ ᠰᠣᠯᠢᠯᠴᠠᠭ᠎ᠠ ᠪᠠᠨ ᠨᠡᠮᠡᠭᠳᠡᠭᠦᠯᠵᠦ᠂ ᠠᠬᠠᠮᠠᠳ ᠢᠳᠡᠷ ᠵᠠᠯᠠᠭᠤᠴᠤᠳ | ᠪᠠᠭᠠᠴᠤᠳ ᠤᠨ ᠡᠷᠡᠭᠦᠯ ᠥᠭᠡᠳᠡᠷᠬᠡᠭ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠬᠤ ᠨᠡᠶᠢᠯᠡᠮᠡᠯ | ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠬᠤ ᠶᠢᠨ ᠲᠥᠯᠥᠭᠡ ᠶᠤᠮ᠃ | ᠴᠠᠭᠠᠨ ᠰᠤᠪᠤᠷᠭ᠎ᠠ ᠴᠡᠴᠡᠷᠯᠢᠭ ᠤᠨ ᠡᠭᠦᠳᠡᠨ ᠪᠥᠮᠪᠥᠭᠡᠨ ᠲᠠᠯᠠᠪᠠᠢ ᠳᠤ ᠶᠠᠪᠤᠭᠳᠠᠵᠤ᠂ ᠳᠠᠯᠠᠳ ᠬᠤᠰᠢᠭᠤᠨ ᠤ ᠡᠭᠦᠳᠡᠨ ᠪᠥᠮᠪᠦᠭᠡ ᠶᠢᠨ ᠨᠡᠶᠢᠭᠡᠮᠯᠢᠭ ᠤᠨ | ᠭᠡᠰᠢᠭᠦᠨ ᠵᠢᠴᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠲᠥᠯᠥᠭᠡᠯᠡᠭᠴᠢ ᠵᠡᠷᠭᠡ 100 ᠭᠠᠷᠤᠶ ᠬᠥᠮᠦᠨ ᠢ ᠣᠷᠣᠯᠴᠠᠭᠤᠯᠪᠠ᠃ | ᠤᠷᠤᠯᠳᠤᠭᠠᠨ ᠤ ᠲᠠᠯᠠᠪᠠᠢ ᠳᠤ᠂ ᠲᠠᠮᠢᠷᠴᠢᠳ ᠰᠡᠳᠬᠢᠯ ᠨᠢᠭᠡᠳᠦᠨ ᠬᠠᠮᠵᠢᠯᠴᠠᠵᠤ᠂ ᠯᠠᠪᠳᠠᠭᠤᠨ ᠪᠠᠲᠤᠲᠠᠢ ᠡᠭᠦᠳᠡᠨ ᠪᠥᠮᠪᠦᠭᠡ ᠶᠢᠨ ᠤᠷ᠎ᠠ ᠴᠢᠳᠠᠪᠤᠷᠢ ᠪᠣᠯᠤᠨ | ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ ᠪᠠᠨ ᠢᠯᠡᠷᠡᠭᠦᠯᠪᠡ ᠃ ᠲᠠᠯᠠᠪᠠᠢ ᠶᠢᠨ ᠭᠠᠳᠠᠨᠠᠬᠢ ᠦᠵᠡᠭᠴᠢᠳ ᠬᠠᠯᠠᠭᠤᠨ ᠢᠶᠠᠷ ᠪᠥᠮᠪᠦᠭᠡ ᠦᠵᠡᠵᠦ᠂ ᠲᠤᠬᠠᠢ ᠶᠢᠨ | ᠲᠠᠯᠠᠪᠠᠢ ᠶᠢᠨ ᠠᠭᠤᠷ ᠠᠮᠢᠰᠬᠤᠯ ᠡᠶ᠎ᠡ ᠨᠠᠶᠢᠷᠲᠠᠢ ᠪᠠᠶᠢᠯ᠎ᠠ᠃ | ᠠᠵᠢᠯᠯᠠᠭ᠎ᠠ ᠨᠢ ᠣᠨᠴᠠᠭᠠᠶᠢᠯᠠᠨ ︽ᠡᠭᠦᠳᠡᠨ ᠪᠥᠮᠪᠦᠭᠡ ᠶᠢᠨ ᠮᠡᠳᠡᠯᠭᠡ ᠶᠢᠨ ᠪᠢᠴᠢᠯ ᠬᠢᠴᠢᠶᠡᠯ ᠤᠨ ᠲᠠᠩᠬᠢᠮ︾ ᠤᠨ ᠭᠤᠭᠴᠤᠭ᠎ᠠ ᠶᠢ ᠲᠣᠬᠢᠷᠠᠭᠤᠯᠵᠤ᠂ | ᠨᠡᠶᠢᠭᠡᠮᠯᠢᠭ ᠤᠨ ᠰᠤᠷᠭᠠᠭᠴᠢ ᠠᠴᠠ ᠡᠭᠦᠳᠡᠨ ᠪᠥᠮᠪᠦᠭᠡ ᠶᠢᠨ ᠳᠦᠷᠢᠮ᠂ ᠪᠠᠶᠢᠯᠳᠤᠬᠤ ᠠᠷᠭ᠎ᠠ ᠶᠢᠨ ᠤᠷ᠎ᠠ ᠮᠡᠷᠭᠡᠵᠢᠯ ᠵᠢᠴᠢ ᠪᠡᠶ᠎ᠡ ᠶᠢᠨ ᠲᠠᠮᠢᠷ ᠤᠨ ᠡᠷᠡᠭᠦᠯᠵᠢᠯ ᠤᠨ | ᠮᠡᠳᠡᠯᠭᠡ ᠶᠢ ᠲᠤᠬᠠᠶ ᠶᠢᠨ ᠲᠠᠯᠠᠪᠠᠢ ᠳᠤ ᠲᠠᠶᠢᠯᠪᠤᠷᠢᠯᠠᠵᠤ᠂ ᠰᠠᠭᠤᠭᠠᠯᠢ ᠠᠷᠠᠳ ᠢ ᠬᠠᠪᠰᠤᠷᠤᠨ ᠪᠡᠶ᠎ᠡ ᠶᠢᠨ ᠲᠠᠮᠢᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃ | ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠰᠠᠳ ᠤᠷᠤᠯᠳᠤᠭᠠᠨ ᠤ ᠲᠠᠯᠠᠪᠠᠶ ᠶᠢᠨ ᠡᠷᠬᠢᠨ ᠲᠣᠭᠤᠷᠢᠨ ᠳᠤ ᠡᠷᠡᠭᠦᠯ ᠮᠡᠨᠳᠦ ᠶᠢᠨ | ᠤᠬᠠᠭᠤᠯᠭ᠎ᠠ᠂ ᠮᠡᠬᠡᠯᠡᠯ ᠢ ᠡᠰᠡᠷᠭᠦᠴᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠥᠷᠨᠢᠭᠦᠯᠵᠦ᠂ | ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠬᠢᠭᠡᠳ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠬᠤᠤᠰ ᠱᠤᠭᠤᠮ ᠢ ᠵᠡᠷᠭᠡ ᠪᠠᠷ ᠬᠡᠷᠡᠭᠵᠢᠭᠦᠯᠬᠦ ᠶᠢ | ᠪᠡᠶᠡᠯᠡᠭᠦᠯᠪᠡ᠃ | ᠲᠣᠰ ᠤᠳᠠᠭᠠᠨ ᠤ ᠠᠵᠢᠯᠯᠠᠭ᠎ᠠ ᠨᠢ ︽ᠵᠢᠵᠢᠭ ᠡᠭᠦᠳᠡᠨ ᠪᠥᠮᠪᠦᠭᠡ︾ ᠪᠠᠷ ︽ᠲᠣᠮᠣ ᠠᠷᠠᠳ ᠤᠨ ᠠᠮᠢᠳᠤᠷᠠᠯ︾ ᠲᠠᠢ ᠬᠤᠯᠪᠣᠭᠠᠯᠠᠵᠤ᠂ ᠡᠭᠦᠳᠡᠨ | ᠪᠥᠮᠪᠦᠭᠡ ᠶᠢᠨ ᠳᠤᠷ᠎ᠠ ᠪᠠᠭ᠋ᠠᠲᠠᠨ ᠳᠤ ᠴᠤᠭ ᠵᠢᠪᠬᠤᠭ᠎ᠠ ᠪᠠᠨ ᠢᠯᠡᠷᠡᠭᠦᠯᠬᠦ ᠲᠠᠪᠴᠠᠩ ᠢ ᠪᠠᠶᠢᠭᠤᠯᠤᠭᠰᠠᠨ ᠪᠥᠭᠡᠳ ᠪᠠᠰᠠ ᠰᠣᠶᠣᠯ ᠪᠡᠶ᠎ᠡ ᠶᠢᠨ ᠲᠠᠮᠢᠷ ᠤᠨ | ᠬᠤᠯᠪᠣᠭᠠᠰᠤ ᠪᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ︽ᠬᠥᠷᠰᠢ ᠵᠡᠷᠭᠡᠯᠡᠳᠡᠭᠡ ᠶᠢᠨ ᠬᠦᠷᠢᠶ᠎ᠡ︾ ᠶᠢ ᠬᠥᠭᠵᠢᠭᠡᠭᠰᠡᠨ ᠪᠥᠭᠡᠳ ᠣᠯᠠᠨ ᠲᠦᠮᠡᠨ ᠤ | ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠨᠠᠮ ᠪᠠ ᠣᠯᠠᠨ ᠲᠦᠮᠡᠨ ᠤ ᠵᠠᠶ ᠶᠢ ᠣᠶᠢᠷᠠᠲᠤᠭᠤᠯᠵᠤ᠂ ᠦᠨᠳᠦᠰᠦᠨ ᠱᠠᠲᠤᠨ ᠤ ᠰᠣᠶᠣᠯ ᠪᠡᠶ᠎ᠡ ᠶᠢᠨ ᠲᠠᠮᠢᠷ ᠤᠨ | ᠠᠵᠢᠯᠯᠠᠭ᠎ᠠ ᠶᠢᠨ ᠤᠷᠢᠶᠠᠯᠠᠬᠤ ᠬᠦᠴᠦᠨ ᠪᠠ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠬᠦ᠂ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠳᠠᠷᠠᠭᠠᠴᠢ ᠶᠢᠨ | ᠠᠯᠬᠤᠮ ᠳᠤ᠂ ᠴᠠᠭᠠᠨ ᠰᠤᠪᠤᠷᠭ᠎ᠠ ᠨᠡᠶᠢᠭᠡᠮ ᠲᠣᠭᠤᠷᠢᠭ ᠤᠨ ᠬᠢᠨ ︽ᠰᠣᠶᠣᠯ ᠲᠠᠮᠢᠷ ᠤᠨ ᠦᠢᠯᠡᠴᠢᠯᠡᠭᠡ︾ ᠶᠢᠨ ᠵᠠᠭᠪᠤᠷ ᠢ ᠦᠷᠭᠦᠯᠵᠢᠯᠡᠨ ᠰᠦᠪᠡᠭᠴᠢᠯᠡᠵᠦ᠂ | ᠰᠠᠭᠤᠭᠠᠯᠢ ᠠᠷᠠᠳ ᠤᠨ ᠬᠡᠷᠡᠭᠴᠡᠭᠡ ᠶᠢᠨ ᠲᠣᠭᠤᠷᠢᠨ ᠳᠤ ᠨᠡᠩ ᠤᠯᠠᠨ ᠡᠰᠢᠲᠦ᠂ ᠨᠡᠩ ᠤᠯᠠᠨ ᠲᠦᠮᠡᠨ ᠲᠠᠢ ᠤᠢᠢᠷᠠᠳᠤᠭᠰᠠᠨ ᠠᠵᠢᠯᠯᠠᠭ᠎ᠠ ᠶᠢ ᠲᠥᠰᠦᠪᠯᠡᠵᠦ᠂ ᠡᠶ᠎ᠡ | ᠵᠣᠬᠢᠴᠠᠩᠭᠤᠢ ᠪᠠᠷ ᠬᠠᠮᠲᠤ ᠪᠠᠷ ᠵᠠᠰᠠᠬᠤ ᠨᠡᠶᠢᠭᠡᠮ ᠲᠣᠭᠤᠷᠢᠭ ᠤᠨ ᠠᠮᠢ ᠠᠬᠤᠢ ᠶᠢ ᠪᠠᠶᠢᠭᠤᠯᠬᠤ ᠶᠢ ᠠᠬᠢᠭᠤᠯᠤᠨ᠎ᠠ᠃ | |