4 ᠰᠠᠷ᠎ᠠ ᠶᠢᠨ 17 ᠤ ᠡᠳᠤᠷ᠂ ᠲᠠᠯᠠᠳ ᠬᠤᠰᠢᠭᠤ ᠤᠮᠠᠷᠠᠳᠤ ᠶᠢᠨ ᠬᠤᠯᠪᠤᠭᠠᠳᠤ ᠴᠠᠬᠢᠯᠭᠠᠨ ᠭᠦᠴᠦᠨ ᠤ ᠭᠢᠵᠠᠭᠠᠷᠳᠤ ᠬᠠᠷᠢᠭᠤᠴᠠᠯᠭᠠᠳᠤ ᠺᠤᠮᠫᠠᠨᠢ ᠲᠠᠢ | ᠶᠠᠷᠢᠯᠴᠠᠬᠤ ᠬᠤᠷᠠᠯ ᠭᠢᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ᠂ ᠤᠷᠴᠢᠨ ᠲᠤᠭᠤᠷᠢᠨ ᠤ ᠬᠠᠮᠠᠭᠠᠯᠠᠯᠳᠠ᠂ ᠬᠤᠳᠠ ᠶᠢᠨ ᠲᠤᠭᠤᠷᠢᠭ ᠤᠨ ᠢᠯᠴᠢ | ᠬᠠᠨᠭ᠍ᠭᠠᠯᠭ᠎ᠠ ᠵᠡᠷᠭᠡ ᠠᠭᠤᠯᠭ᠎ᠠ ᠶᠢᠨ ᠲᠤᠭᠤᠷᠢᠨ ᠳᠤ ᠰᠠᠨᠠᠯ ᠢᠶᠠᠨ ᠭᠦᠨᠵᠡᠭᠡᠢ ᠰᠤᠯᠢᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠫᠢᠩ᠂ | ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠬᠤᠷᠢᠶᠠᠨ ᠤ ᠱᠦᠵᠢ ᠴᠧᠨ ᠪᠢᠩ | ᠬᠤᠸᠠ ᠶᠠᠷᠢᠯᠴᠠᠬᠤ ᠬᠤᠷᠠᠯ ᠳᠤ ᠣᠷᠣᠯᠴᠠᠪᠠ᠃ | | | | | | ᠬᠤᠷᠠᠯ ᠳᠡᠭᠡᠷ᠎ᠡ᠂ ᠸᠠᠩ ᠰᠢᠶᠤᠤ ᠫᠢᠩ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠷᠳᠣ | ᠬᠤᠭᠤᠴᠠᠭᠠᠨ ᠤ ᠲᠤᠷᠰᠢ ᠳᠠᠯᠠᠳ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ | ᠢᠯᠡᠳᠬᠡᠪᠡ᠃ ᠸᠠᠩ ᠰᠢᠶᠤᠤ ᠫᠢᠩ᠂ ᠤᠢᠢᠷ᠎ᠠ ᠶᠢᠨ ᠵᠢᠯ ᠠᠴᠠ ᠨᠠᠭᠠᠰᠢ᠂ ᠲᠠᠯᠠᠳ ᠬᠤᠰᠢᠭᠤ ᠶᠡᠷᠦᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠤᠨ | ᠠᠵᠢᠯ ᠳᠤ ᠲᠠᠯᠪᠢᠬᠰᠠᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠭᠢᠯᠠᠨ᠂ ᠪᠤᠭᠢᠷᠳᠤᠯ | ᠦᠭᠡᠢ ᠭᠦᠭᠵᠢᠯᠳᠠ ᠶᠢᠨ ᠤᠢᠢᠯᠠᠭᠠᠬᠳᠠᠬᠤᠨ ᠢ ᠪᠠᠷᠢᠮᠳᠠᠯᠠᠨ᠂ ᠤᠳᠤ ᠦᠶ᠎ᠠ ᠶᠢᠨ ᠡᠨᠧᠷᠭᠢ ᠶᠢᠨ ᠠᠵᠤ ᠠᠬᠤᠢ ᠶᠢᠨ ᠲᠤᠬᠳᠠᠯᠴᠠᠭ᠎ᠠ ᠶᠢ ᠲᠦᠷᠭᠡᠳᠭᠡᠨ ᠪᠠᠶᠢᠭᠤᠯᠪᠠ᠃ | ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠵᠤ ᠠᠬᠤᠶᠢᠯᠠᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ | ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠡᠮᠵᠢᠶ᠎ᠡ ᠶᠢ ᠨᠡᠮᠡᠭᠳᠡᠭᠦᠯᠦᠨ᠂ ᠤᠰᠤᠲᠥ᠋ᠷᠥᠭᠴᠢ ᠶᠢ ᠬᠤᠯᠢᠬᠤ ᠰᠢᠪᠲᠦᠷ ᠢ ᠬᠤᠯᠢᠬᠤ ᠵᠡᠷᠭᠡ | ᠲᠠᠯ᠎ᠠ ᠪᠠᠷ ᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠴᠢᠩᠭᠠᠳᠬᠠᠵᠤ᠂ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠬᠠᠮᠲᠤᠪᠠᠷ | ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠶᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ | ᠬᠦᠰᠡᠵᠦ ᠪᠠᠶᠢᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠬᠦᠷᠦᠯᠴᠡᠬᠦ ᠦᠭᠡᠢ ᠲᠠᠯ᠎ᠠ ᠪᠠᠨ ᠤᠯᠠᠮ ᠴᠢᠨᠠᠭᠰᠢᠳᠠ ᠨᠥᠬᠦᠪᠥᠷᠢᠯᠡᠵᠦ᠂ | ᠪᠣᠳᠠᠲᠠᠢ ᠠᠷᠭ᠎ᠠ ᠬᠡᠮᠵᠢᠶ᠎ᠡ ᠠᠪᠴᠤ᠂ ᠣᠷᠴᠢᠨ ᠲᠣᠭᠤᠷᠢᠨ ᠤ ᠬᠠᠮᠠᠭᠠᠯᠠᠯᠲᠠ᠂ ᠬᠤᠳᠠ ᠶᠢᠨ ᠲᠣᠭᠤᠷᠢᠭ ᠤᠨ ᠢᠯᠴᠢ ᠬᠠᠩᠭᠠᠬᠤ ᠵᠡᠷᠭᠡ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠢ ᠬᠦᠰᠡᠵᠦ ᠪᠠᠶᠢᠨ᠎ᠠ᠃ | ᠴᠧᠨ ᠪᠢᠩ ᠬᠤᠸᠠ ᠢᠯᠡᠷᠬᠡᠶᠢᠯᠡᠬᠦ ᠳᠡᠭᠡᠨ᠂ ᠠᠵᠤ ᠠᠬᠤᠶᠢᠯᠠᠯ ᠤᠨ ᠬᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠲᠥᠰᠦᠯ ᠭᠠᠷᠭᠠᠵᠤ᠂ ᠠᠰᠠᠭᠤᠳᠠᠯ ᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ | ᠠᠬᠢᠭᠤᠯᠤᠨ᠎ᠠ ᠭᠡᠵᠡᠢ᠃ ᠳᠠᠯᠠᠳ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠠᠵᠤ | ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠰᠢᠨ᠎ᠡ ᠡᠨᠧᠷᠭᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ᠂ ᠬᠡᠷᠡᠭᠯᠡᠵᠦ | ᠳᠡᠯᠭᠡᠷᠡᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠠᠯᠬᠢ ᠭᠡᠷᠡᠯ ᠢᠯᠴᠢ ᠪᠠᠷ ᠤᠰᠤᠲᠥ᠋ᠷᠥᠭᠴᠢ ᠨᠦᠭᠡᠴᠡᠯᠡᠬᠦ ᠶᠢ ᠨᠢᠭᠡ ᠴᠤᠬᠴᠠᠵᠢᠭᠤᠯᠤᠨ | ᠬᠥᠭᠵᠢᠭᠦᠯᠬᠦ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠤᠯᠠᠨ ᠬᠦᠴᠦᠨ | ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠰᠢᠤᠸᠠᠢ ᠬᠠᠶ ᠯᠢᠨ᠂ ᠵᠠᠰᠠᠭ ᠤᠨ ᠣᠷᠳᠣᠨ ᠤ ᠳᠡᠳ᠋ | ᠬᠤᠰᠢᠭᠤᠨ ᠳᠠᠷᠤᠭ᠎ᠠ ᠯᠢ ᠫᠧᠩ᠂ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠳᠡᠳ᠋ ᠶᠡᠷᠦᠩᠬᠡᠶ ᠳᠠᠭᠠᠭᠠᠮᠠᠯ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠸᠠᠩ ᠱᠢ ᠸᠧᠶ ᠶᠠᠷᠢᠯᠴᠠᠬᠤ ᠬᠤᠷᠠᠯ ᠳᠤ ᠣᠷᠣᠯᠴᠠᠪᠠ᠃ | | |