3 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠱᠠᠩᠬᠠᠢ ᠳᠤ ᠰᠠᠭᠤᠭ᠎ᠠ ᠬᠡᠷᠡᠭ ᠡᠷᠬᠢᠯᠡᠬᠦ ᠭᠠᠵᠠᠷ᠂ ᠥᠪᠡᠷᠲᠡᠭᠡᠨ | ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠤᠯᠪᠣᠭᠠᠯᠠᠨ ᠡᠷᠭᠢᠯᠡᠭᠰᠡᠨ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ ᠬᠥᠬᠡᠮᠥ᠋ᠷᠡᠨ ᠤ ᠭᠤᠷᠪᠠᠯᠵᠢᠨ | ᠬᠤᠶᠢᠭ ᠲᠤ ᠣᠴᠢᠬᠤᠢ︾ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠱᠠᠩᠬᠠᠢ ᠶᠢᠨ ᠬᠥᠬᠡᠮᠥ᠋ᠷᠡᠨ ᠤ ᠭᠤᠷᠪᠠᠯᠵᠢᠨ | ᠬᠤᠶᠢᠭ ᠲᠠᠬᠢ ᠳ᠋ᠢᠭᠢᠲᠴᠢᠯᠡᠭᠰᠡᠨ ᠵᠣᠴᠢᠯᠠᠬᠤ ᠲᠢᠩᠬᠢᠮ ᠳᠤ ᠶᠠᠪᠤᠭᠳᠠᠪᠠ᠃ ᠰᠣᠶᠣᠯ ᠵᠢᠭᠤᠯᠴᠢᠯᠠᠯ ᠤᠨ ᠲᠢᠩᠬᠢᠮ ᠤᠨ ᠬᠢᠨ ︽ᠴᠡᠴᠡᠭ ᠤᠨ ᠴᠢᠮᠡᠭᠡ ᠶᠢ ᠰᠠᠯᠬᠢᠨ | ᠳᠠᠮᠵᠢᠭᠤᠯᠤᠮᠤᠢ ᠥᠪᠥᠷ ᠮᠣᠩᠭᠤᠯ ᠳᠠᠬᠢ ᠬᠠᠪᠤᠷ ᠤᠨ ᠪᠣᠯᠵᠤᠭ᠎ᠠ ᠳᠤ ᠬᠠᠮᠲᠤ ᠪᠠᠷ ᠣᠴᠢᠶ᠎ᠠ︾ ᠭᠡᠰᠡᠨ ᠢᠶᠠᠷ ᠭᠤᠣᠯ ᠰᠡᠳᠦᠪ ᠪᠣᠯᠭᠠᠨ ᠬᠠᠪᠤᠷ ᠤᠨ ᠤᠯᠠᠷᠢᠯ ᠤᠨ | ᠵᠢᠭᠤᠯᠴᠢᠯᠠᠯ ᠤᠨ ᠲᠠᠨᠢᠯᠴᠠᠭᠤᠯᠭ᠎ᠠ ᠥᠷᠨᠢᠭᠦᠯᠪᠡ︔ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠨ ᠡᠯ᠎ᠡ | ᠭᠠᠵᠠᠷ ᠤᠨ ᠣᠨᠴᠠᠯᠢᠭᠲᠤ ᠮᠠᠯ ᠲᠠᠷᠢᠶᠠᠯᠠᠩ ᠤᠨ ᠭᠠᠷᠤᠯᠲᠠ ᠪᠠ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠵᠠᠭᠤ ᠭᠠᠷᠤᠢ ᠵᠦᠢᠯ ᠭᠠᠷᠭᠠᠪᠠ︔ ᠦᠬᠠᠢ ᠬᠤᠲᠠ᠂ | ᠷᠠᠰᠢᠶᠠᠨ ᠬᠤᠲᠠ ᠶᠢᠨ ᠬᠢᠨ ᠲᠣᠰ ᠲᠣᠰ ᠲᠤᠰᠬᠠᠢ ᠰᠡᠳᠦᠪᠲᠦ ᠲᠠᠨᠢᠯᠴᠠᠭᠤᠯᠭ᠎ᠠ ᠬᠢᠵᠡᠢ᠃ ᠤᠯᠠᠨ ᠠᠵᠤ ᠠᠬᠤᠶᠢᠯᠠᠯ ᠤᠳ ᠥᠪᠥᠷ ᠮᠣᠩᠭᠤᠯ ᠤᠨ ᠮᠠᠯ ᠲᠠᠷᠢᠶᠠᠯᠠᠩ ᠤᠨ | ᠭᠠᠷᠤᠯᠲᠠ ᠶᠢᠨ ᠳᠡᠯᠭᠡᠨ ᠦᠵᠡᠭᠦᠯᠭᠡ ᠳᠤ ᠣᠷᠣᠯᠴᠠᠭᠰᠠᠨ ᠲᠠᠯ᠎ᠠ ᠶᠢᠨ ᠬᠢᠨ ᠯᠦᠭᠡ ᠯᠤᠭ᠎ᠠ ᠬᠤᠳᠠᠯᠳᠤᠨ ᠠᠪᠬᠤ ᠰᠠᠨᠠᠮᠵᠢ ᠲᠣᠬᠢᠷᠠᠯᠴᠠᠵᠤ᠂ ᠮᠠᠨ ᠤ ᠣᠷᠣᠨ ᠬᠢᠭᠡᠳ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠵᠤ ᠠᠬᠤᠶᠢᠯᠠᠯ ᠯᠤᠭ᠎ᠠ 7 ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠤ᠂ ᠰᠣᠶᠣᠯ ᠵᠢᠭᠤᠯᠴᠢᠯᠠᠯ ᠤᠨ | ᠭᠠᠳᠠᠭᠠᠳᠤ ᠤᠬᠠᠭᠤᠯᠭ᠎ᠠ᠂ ᠳ᠋ᠠᠶᠢᠲ᠋ᠠ ᠪᠠᠷ ᠳᠣᠣᠷ᠎ᠠ ᠠᠭᠠᠷ ᠤᠨ ᠠᠵᠤ ᠠᠬᠤᠢ ᠶᠢ ᠡᠷᠴᠢᠮᠯᠡᠬᠦ ᠵᠡᠷᠭᠡ ᠬᠦᠷᠢᠶ᠎ᠡ ᠶᠢ ᠬᠠᠮᠤᠷᠴᠠᠢ᠃ | |