4 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠫᠢᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠠᠩ ᠸᠧᠶ ᠰᠢᠶᠦ᠋ᠩ ᠠᠭᠤᠷᠬᠠᠶ ᠶᠢᠨ ᠣᠷᠣᠨ ᠳᠤ ᠭᠦᠨᠵᠡᠭᠡᠶᠢᠷᠡᠨ ᠨᠡᠭᠦᠷᠡᠰᠦᠨ ᠤ ᠦᠢᠯᠡᠳᠪᠦᠷᠢᠯᠡᠯ ᠢ | ᠲᠣᠬᠢᠷᠠᠭᠤᠯᠪᠠ᠃ ᠲᠤᠬᠠᠶ ᠶᠢᠨ ᠲᠠᠯᠠᠪᠤᠷ ᠲᠤ ᠲᠣᠬᠢᠷᠠᠭᠤᠯᠤᠯᠲᠠ ᠬᠢᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠥᠷᠨᠢᠭᠦᠯᠵᠦ᠂ ᠦᠵᠡᠯᠲᠡ ᠪᠠᠨ ᠬᠤᠪᠢᠷᠠᠭᠤᠯᠤᠨ᠂ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠠᠵᠤ | ᠠᠬᠤᠶᠢᠯᠠᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠨ᠂ ᠲᠦᠭᠵᠢᠷᠡᠯ ᠢ ᠨᠡᠪᠲᠡᠷᠡᠭᠦᠯᠵᠦ᠂ ᠨᠠᠷᠢᠯᠢᠭ | ᠣᠨᠣᠪᠴᠢᠲᠠᠢ ᠪᠠᠷ ᠲᠣᠬᠢᠷᠠᠭᠤᠯᠤᠨ᠂ ᠪᠦᠲᠦᠮᠵᠢᠲᠡᠶ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠤᠯᠠᠮ ᠨᠢᠭᠡ ᠠᠯᠬᠤᠮ | ᠪᠠᠳᠠᠷᠠᠭᠤᠯᠤᠨ᠂ ᠪᠥᠬᠦ ᠬᠤᠰᠢᠭᠤᠨ ᠤ ᠠᠵᠤ ᠠᠬᠤᠶ ᠶᠢᠨ ᠲᠣᠭᠲᠠᠭᠤᠨ ᠢᠶᠠᠷ ᠠᠵᠢᠯᠯᠠᠵᠤ᠂ ᠦᠷᠭᠦᠯᠵᠢᠯᠡᠨ ᠰᠠᠶᠢᠵᠢᠷᠠᠬᠤ ᠶᠢ ᠪᠠᠲᠤᠯᠠᠬᠤ ᠬᠡᠷᠡᠭᠲᠡᠶ᠃ | | | | ᠸᠠᠩ ᠰᠢᠶᠤᠤ ᠫᠢᠩ᠂ ᠵᠠᠩ ᠸᠧᠢ ᠰᠢᠶᠦ᠋ᠩ ᠤᠷᠢᠳ ᠬᠤᠵᠢᠳ ᠬᠤᠩ ᠴᠢᠩ ᠯᠢᠶᠠᠩ᠂ ᠯᠢ ᠦ᠋ ᠰᠢᠩ᠂ ᠶᠠᠩ ᠴᠠᠩ᠂ ᠭᠤᠤ ᠲᠸᠤ ᠶᠣᠣ᠂ ᠬᠠᠢ ᠬᠤᠸᠠ᠂ | ᠰᠢᠩ ᠱᠧᠩ᠂ ᠰᠦ᠋ ᠵᠢᠶᠠ ᠭᠸᠤ᠂ ᠦᠢᠯᠡᠰ ᠪᠣᠰᠬᠠᠬᠤ ᠂ ᠶᠢᠨ ᠶᠦᠨ᠂ ᠳ᠋ᠢᠶᠠᠨ ᠱᠢ ᠭᠸᠤ᠂ ᠴᠤᠤ ᠨᠤᠤ ᠶᠢᠨ ᠯᠢᠶᠠᠩ᠂ ᠪᠦᠦ ᠯᠢ ᠨᠡᠭᠦᠷᠡᠰᠦᠨ ᠠᠭᠤᠷᠬᠠᠢ ᠳᠤ | ᠬᠦᠷᠴᠦ᠂ ᠨᠡᠭᠦᠷᠡᠰᠦᠨ ᠤ ᠦᠢᠯᠡᠳᠪᠦᠷᠢᠯᠡᠯ ᠪᠣᠷᠣᠯᠠᠭᠤᠯᠭ᠎ᠠ᠂ ᠠᠶᠤᠯᠭᠦᠢ ᠦᠢᠯᠡᠳᠪᠦᠷᠢᠯᠡᠯ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ᠂ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠬᠤ᠂ ᠵᠠᠮ ᠤᠨ ᠲᠥᠯᠥᠪᠵᠢᠭᠦᠯᠭᠡ ᠶᠢᠨ ᠪᠠᠶᠢᠳᠠᠯ ᠵᠡᠷᠭᠡ ᠳᠤ ᠪᠠᠶᠢᠴᠠᠭᠠᠨ | ᠰᠤᠳᠤᠯᠤᠯᠲᠠ ᠬᠢᠵᠡᠢ᠃ ᠬᠦᠷᠦᠭᠰᠡᠨ ᠭᠠᠵᠠᠷ ᠪᠣᠯᠭᠠᠨ ᠳᠤ᠂ ᠸᠠᠩ ᠰᠢᠶᠤᠤ ᠫᠢᠩ᠂ ᠵᠠᠩ ᠸᠧᠢ ᠰᠢᠶᠦ᠋ᠩ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠰᠣᠨᠣᠰᠴᠤ᠂ ᠪᠠᠶᠢᠳᠠᠯ ᠢ ᠲᠣᠳᠣᠷᠬᠠᠢ ᠣᠶᠢᠯᠠᠭᠠᠵᠤ᠂ ᠵᠠᠳᠠᠯᠤᠯᠲᠠ ᠬᠢᠵᠦ ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠵᠦ ᠳᠡᠶᠢᠯᠬᠦ ᠠᠰᠠᠭᠤᠳᠠᠯ ᠢ | ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠵᠦ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠵᠦ ᠳᠡᠶᠢᠯᠬᠦ ᠦᠭᠡᠢ ᠠᠰᠠᠭᠤᠳᠠᠯ ᠢ ᠲᠡᠷᠡ ᠳᠠᠷᠤᠢ ᠳᠤᠨᠢ ᠲᠤᠰᠢᠶᠠᠨ | ᠥᠭᠴᠦ ᠰᠢᠢᠳᠪᠦᠷᠢᠯᠡᠭᠦᠯᠵᠦ᠂ ᠬᠠᠷᠢᠭᠤᠴᠠᠯᠭᠠᠲᠤ ᠨᠢᠭᠡᠴᠡ ᠶᠢ ᠲᠣᠳᠣᠷᠬᠠᠶᠢᠯᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ︽ᠶᠠᠪᠤᠳᠠᠯ ᠪᠦᠬᠦᠨ ᠳᠤ | ᠬᠠᠷᠢᠭᠤ ᠥᠭᠴᠦ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠬᠤ︾ ᠶᠢ ᠪᠠᠲᠤᠯᠠᠬᠤ ᠬᠡᠷᠡᠭᠲᠡᠢ᠃ | ᠲᠤᠬᠠᠶ ᠶᠢᠨ ᠲᠠᠯᠠᠪᠤᠷ ᠲᠤ ᠲᠣᠬᠢᠷᠠᠭᠤᠯᠤᠯᠲᠠ ᠬᠢᠬᠦ ᠳᠡᠭᠡᠨ᠂ ᠣᠳᠣᠬᠠᠨ ᠳᠤ ᠨᠡᠭᠦᠷᠡᠰᠦᠨ ᠤ ᠵᠠᠬ᠎ᠠ ᠳᠡᠯᠭᠡᠭᠦᠷ ᠢ ᠶᠡᠷᠦᠩᠬᠡᠶ ᠳᠤᠨᠢ ᠬᠢᠵᠠᠭᠠᠷᠯᠠᠵᠤ᠂ ᠪᠥᠬᠦ | ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠡᠷᠬᠡᠪᠰᠢ ᠨᠡᠭᠦᠷᠡᠰᠦᠨ ᠤ ᠦᠢᠯᠡᠳᠪᠦᠷᠢᠯᠡᠯ ᠢ ᠠᠵᠤ ᠠᠬᠤᠶ ᠶᠢᠨ ᠠᠵᠢᠯᠯᠠᠭᠠᠨ ᠤ ᠭᠤᠤᠯᠳᠠᠯᠭ᠎ᠠ ᠶᠢᠨ ᠳᠣᠲᠣᠷᠠᠬᠢ | ᠭᠤᠤᠯᠳᠠᠯᠭ᠎ᠠ ᠪᠣᠯᠭᠠᠵᠤ᠂ ᠨᠡᠭᠦᠷᠡᠰᠦᠨ ᠤ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠠᠬᠤᠶ ᠶᠢᠨ ᠠᠵᠢᠯᠯᠠᠭᠠᠨ ᠢ ᠪᠠᠲᠤᠯᠠᠬᠤ ᠬᠡᠷᠡᠭᠲᠡᠶ᠃ | ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠣᠶᠢᠯᠠᠭᠠᠵᠤ ᠂ ᠭᠠᠵᠠᠷ ᠬᠡᠷᠡᠭᠯᠡᠬᠦ ᠡᠯᠧᠮᠧᠨ᠋ᠲ ᠤᠨ ᠪᠠᠲᠤᠯᠠᠭ᠎ᠠ ᠶᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ᠭᠠᠷ ᠭᠦᠢᠴᠡᠳᠬᠡᠯ ᠢ ᠭᠦᠢᠴᠡᠳᠬᠡᠬᠦ | ᠠᠵᠢᠯ ᠤᠨ ᠰᠢᠨ᠎ᠡ ᠶᠢ ᠡᠭᠦᠳᠴᠦ᠂ ᠳᠤᠲᠠᠭᠤ ᠶᠢ ᠪᠠᠭᠲᠠᠭᠠᠵᠤ ᠬᠦᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠬᠡᠷᠡᠭᠵᠢᠭᠦᠯᠵᠦ᠂ ᠠᠵᠢᠯ ᠤᠨ ᠶᠠᠰᠤ ᠴᠢᠨᠠᠷ ᠦᠷ᠎ᠡ | ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠭᠠᠵᠠᠷ ᠰᠢᠷᠣᠶ ᠶᠢ ᠲᠠᠲᠠᠪᠤᠷᠢᠯᠠᠨ ᠨᠤᠷᠠᠭᠠᠬᠤ ᠠᠵᠢᠯ ᠢ ᠴᠢᠩᠭ᠎ᠠ ᠠᠳᠬᠤᠵᠤ᠂ ᠬᠤᠯᠪᠣᠭᠠᠯᠠᠨ ᠬᠠᠮᠵᠢᠯᠴᠠᠬᠤ ᠶᠢ | ᠴᠢᠩᠭᠠᠳᠬᠠᠵᠤ᠂ ᠠᠭᠤᠷᠬᠠᠢ ᠶᠢᠨ ᠣᠷᠣᠨ ᠤ ᠭᠠᠵᠠᠷ ᠰᠢᠷᠣᠶ ᠶᠢ ᠲᠠᠲᠠᠪᠤᠷᠢᠯᠠᠨ ᠨᠤᠷᠠᠭᠠᠬᠤ ᠠᠵᠢᠯ ᠢ ᠬᠠᠤᠯᠢ ᠲᠣᠭᠲᠠᠭᠠᠯ ᠶᠣᠰᠣᠭᠠᠷ ᠬᠦᠴᠦᠲᠡᠢ ᠠᠬᠢᠭᠤᠯᠵᠤ᠂ | ᠨᠡᠭᠦᠷᠡᠰᠦᠨ ᠤ ᠦᠢᠯᠡᠳᠪᠦᠷᠢᠯᠡᠯ ᠤᠨ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠯᠠᠪᠳᠠᠭᠤᠨ ᠪᠠᠲᠤᠲᠠᠢ | ᠰᠠᠶᠢᠲᠤᠷ ᠠᠳᠬᠤᠵᠤ᠂ ᠬᠤᠭᠤᠰᠤᠨ ᠭᠠᠵᠠᠷ ᠢ ᠨᠢᠭᠡ ᠴᠤᠬᠴᠠᠵᠢᠭᠤᠯᠤᠬᠰᠠᠨ ᠠᠭᠤᠷᠬᠠᠢ ᠶᠢᠨ ᠠᠮᠤᠷ ᠲᠦᠪᠰᠢᠨ ᠤ ᠬᠢᠨᠠᠨ ᠬᠡᠮᠵᠢᠬᠦ ᠰᠢᠰᠲ᠋ᠧᠮ ᠢ ᠰᠠᠶᠢᠲᠤᠷ | ᠬᠡᠷᠡᠭᠯᠡᠵᠦ᠂ ᠤᠶᠤᠨᠴᠢᠯᠠᠭᠰᠠᠨ ᠠᠶᠤᠯᠭᠦᠢ ᠦᠢᠯᠡᠳᠪᠦᠷᠢᠯᠡᠯ ᠪᠣᠯᠤᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭ᠎ᠠ ᠠᠳᠬᠤᠵᠤ᠂ ᠠᠭᠤᠷᠬᠠᠢ ᠶᠢᠨ ᠬᠤᠳᠳᠤᠭ ᠤᠨ ᠤᠰᠤ ᠪᠣᠯᠤᠨ | ᠨᠡᠭᠦᠷᠡᠰᠦᠨ ᠴᠢᠯᠠᠭᠤ ᠶᠢ ᠵᠢᠷᠤᠮᠵᠢᠭᠤᠯᠤᠨ ᠰᠢᠢᠳᠪᠦᠷᠢᠯᠡᠵᠦ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠬᠤ ᠬᠡᠷᠡᠭᠲᠡᠢ᠃ ᠠᠭᠤᠷᠬᠠᠢ ᠶᠢᠨ | ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠶᠡᠬᠡᠪᠡᠷ ᠠᠬᠢᠭᠤᠯᠵᠤ᠂ ᠠᠭᠤᠷᠬᠠᠢ ᠶᠢᠨ ᠣᠷᠣᠨ ᠤ ᠵᠠᠮ ᠤᠨ ᠲᠣᠭᠤᠰᠣ ᠳᠡᠭᠳᠡᠬᠦ ᠠᠰᠠᠭᠤᠳᠠᠯ ᠢ ᠦᠨᠡᠨᠬᠦ | ᠰᠠᠶᠢᠲᠤᠷ ᠰᠢᠢᠳᠪᠦᠷᠢᠯᠡᠵᠦ᠂ ᠠᠭᠤᠷᠬᠠᠢ ᠶᠢᠨ ᠣᠷᠣᠨ ᠤ ᠲᠥᠪᠯᠡᠷᠡᠩᠭᠦᠢ ᠠᠮᠢᠳᠤᠷᠠᠯ ᠤᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ | ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠵᠢᠷᠠᠭᠤᠯᠬᠤ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠬᠤᠰᠢᠭᠤᠨ ᠤ ᠤᠳᠤᠷᠢᠳᠤᠯᠭ᠎ᠠ ᠴᠧᠨ ᠰᠢ ᠷᠦᠩ᠂ ᠰᠢᠤᠸᠠᠢ ᠬᠠᠶ ᠯᠢᠨ᠂ ᠵᠠᠩ ᠳ᠋ᠦᠩ ᠯᠢᠶᠠᠩ ᠣᠷᠣᠯᠴᠠᠵᠠᠶ᠃ | |