ᠵᠧᠨ ᠬᠤᠸᠠ ᠵᠣᠣ ᠵᠢᠶᠦ᠋ᠨ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/23
  ᠣᠶᠢᠷ᠎ᠠ ᠶᠢᠨ ᠡᠳᠦᠷ ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠨ ᠬᠤᠸᠠ ᠲᠠᠯᠠᠳ ᠬᠤᠰᠢᠭᠤᠨ ᠤ ᠵᠣᠣ ᠵᠢᠶᠦ᠋ᠨ ᠪᠠᠯᠭᠠᠰᠤᠨ ᠳᠤ ᠬᠦᠷᠴᠦ ᠣᠷᠳᠣᠰ ᠬᠤᠲᠠ ᠶᠢᠨ ᠰᠤᠮᠤ ᠰᠢᠶᠠᠩ ᠪᠠᠯᠭᠠᠰᠤ ᠶᠢᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠤ ᠤᠯᠤᠰ ᠲᠥᠷᠥ ᠶᠢᠨ ᠡᠭᠡᠯᠵᠢᠯᠡᠬᠦ ᠪᠣᠯᠪᠠᠰᠤᠷᠠᠯ ᠵᠢᠴᠢ ᠬᠡᠪ ᠪᠣᠯᠪᠠᠰᠤᠷᠠᠯ ᠴᠢᠳᠠᠪᠤᠷᠢ ᠶᠢ ᠳᠡᠭᠡᠭᠰᠢᠯᠡᠭᠦᠯᠭᠦ ᠪᠣᠯᠪᠠᠰᠤᠷᠠᠯ ᠤᠨ ᠠᠩᠭᠢ ᠳᠤ ᠣᠷᠣᠯᠴᠠᠬᠰᠠᠨ ᠤ ᠬᠠᠮᠲᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠤᠯᠤᠭᠰᠠᠨ ᠪᠠᠶᠢᠭᠤᠯᠤᠯᠲᠠ ᠂ ᠣᠶ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠢ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠢ ᠪᠠᠶᠢᠴᠠᠭᠠᠨ ᠰᠤᠳᠤᠯᠪᠠ ᠃  ᠪᠠᠯᠭᠠᠰᠤ ᠶᠢᠨ ᠶᠡᠷᠦᠩᠬᠡᠶᠢᠯᠡᠨ ᠵᠠᠰᠠᠬᠤ ᠲᠥᠪ ᠂ ᠲᠣᠰᠬᠤᠨ ᠤ ᠶᠡᠷᠦᠩᠬᠡᠶᠢᠯᠡᠨ ᠵᠠᠰᠠᠬᠤ ᠲᠠᠰᠤᠭ ᠲᠤ ᠂ ᠲᠡᠷᠡ ᠂ ︽ ᠫᠠᠶᠢᠰᠠ ᠲᠠᠢ ᠂ ᠲᠠᠯᠠᠪᠤᠷ ᠲᠠᠢ ᠂ ᠬᠦᠴᠦᠨ ᠲᠠᠢ ᠂ ᠲᠣᠭᠲᠠᠴᠠ ᠲᠠᠢ ᠂ ᠦᠷ᠎ᠡ ᠪᠦᠲᠦᠮᠵᠢ ᠲᠠᠢ ︾ ᠪᠠᠶᠢᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠬᠰᠠᠨ ᠪᠠᠶᠢᠭᠤᠯᠤᠯᠲᠠ ᠶᠢ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠤ ᠨᠢᠭᠡᠳᠦᠯᠲᠡᠢ ᠲᠥᠯᠥᠪᠵᠢᠭᠦᠯᠬᠦ ᠦᠢᠯᠡᠳᠦᠯ ᠢ ᠪᠠᠳᠠᠷᠠᠭᠤᠯᠵᠤ ᠂ ᠤᠯᠠᠨ ᠲᠦᠮᠡᠨ ᠤᠴᠢᠷ ᠶᠠᠪᠤᠳᠠᠯ ᠭᠦᠢᠴᠡᠳᠬᠡᠬᠦ ᠳᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠣᠴᠢᠭᠤᠯᠤᠨ ᠭᠦᠢᠴᠡᠳᠬᠡᠯᠭᠡᠵᠦ ᠂ ᠵᠠᠭᠤᠷᠠᠯᠳᠤᠭᠠᠨ ᠢ ᠶᠡᠷᠦᠩᠬᠡᠶᠢᠯᠡᠨ ᠵᠠᠰᠠᠬᠤ ᠲᠥᠪ ᠲᠤ ᠰᠢᠢᠳᠪᠦᠷᠢᠯᠡᠬᠦ ᠬᠡᠷᠡᠭᠲᠡᠢ ᠃ ︽ ᠨᠠᠮ ᠤᠨ ᠳᠤᠭᠤᠶᠢᠯᠠᠩ + ᠲᠤᠤᠷᠵᠢᠭᠤᠯᠤᠯᠳᠠ ᠶᠢᠨ ᠠᠵᠢᠯᠲᠠᠨ + ᠡᠷᠦᠭᠡ  ᠲᠠᠢ ᠬᠠᠷᠢᠯᠴᠠᠬᠤ ᠳᠠᠷᠤᠭ᠎ᠠ ︾ ᠶᠢᠨ ᠪᠢᠴᠢᠯ ᠵᠠᠰᠠᠯᠲᠠ ᠶᠢᠨ ᠲᠣᠭᠲᠠᠯᠴᠠᠭ᠎ᠠ ᠶᠢ ᠠᠬᠢᠭᠤᠯᠵᠤ ᠂ ᠣᠯᠠᠨ ᠲᠦᠮᠡᠨ ᠳᠤ ᠦᠢᠯᠡᠴᠢᠯᠡᠬᠦ ᠦᠢᠯᠡᠳᠦᠯ ᠴᠢᠳᠠᠪᠬᠢ ᠶᠢ ᠳᠡᠭᠡᠭᠰᠢᠯᠡᠭᠦᠯᠭᠦ ᠬᠡᠷᠡᠭᠲᠡᠢ ᠭᠡᠪᠡ ᠃  ᠾᠧ ᠱᠧᠩ ᠲᠤᠰᠬᠤᠨ ᠳᠤ ᠂ ᠲᠡᠷᠡ ᠤᠬᠠᠭᠤᠯᠤᠨ ᠳᠠᠶᠢᠴᠢᠯᠠᠬᠤ ᠶᠢ ᠴᠢᠩᠭᠠᠳᠬᠠᠵᠤ ᠂ ︽ ᠲᠣᠳᠣᠷᠬᠠᠢ ᠺᠠᠷᠲ ︾ ᠢ ᠪᠣᠳᠠᠲᠠᠶᠢᠵᠢᠭᠤᠯᠵᠤ ᠂ ᠬᠢᠨᠠᠨ ᠪᠠᠶᠢᠴᠠᠭᠠᠬᠤ ᠴᠢᠨᠠᠷᠵᠢᠯ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠴᠣᠬᠢᠯᠲᠠ ᠥᠭᠴᠦ ᠵᠠᠯᠬᠠᠭᠠᠨ ᠰᠢᠢᠳᠬᠡᠬᠦ ᠶᠢ ᠴᠢᠩᠭᠠᠳᠬᠠᠵᠤ ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ ᠃  ᠰᠣᠶᠤᠭ᠎ᠠ ᠪᠣᠶᠢᠵᠢᠭᠤᠯᠬᠤ ᠰᠠᠭᠤᠷᠢᠨ ᠭᠠᠵᠠᠷ ᠲᠤ᠂ ᠲᠡᠷᠡ ᠲᠠᠷᠢᠶᠠᠯᠠᠩ ᠤᠨ ᠴᠠᠭ ᠢ ᠠᠮᠵᠢᠵᠤ ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ ᠂ ᠪᠦᠭᠦ ᠵᠢᠯ ᠤᠨ ᠡᠯᠪᠡᠭ ᠬᠤᠷᠢᠶᠠᠯᠲᠠ ᠶᠢᠨ ᠰᠠᠶᠢᠨ ᠡᠭᠢᠯᠡᠯᠲᠡ ᠶᠢ ᠪᠤᠢ ᠪᠤᠯᠭᠠᠬᠤ ᠬᠡᠷᠡᠭᠲᠡᠢ ᠭᠡᠪᠡ ᠃  ᠪᠠᠶᠠᠨ ᠭᠠᠴᠠᠭ᠎ᠠ ᠳᠤ ᠂ ᠲᠡᠷᠡ ᠵᠠᠮ ᠢᠶᠠᠷ ᠡᠯᠡᠰᠦ ᠶᠢ ᠵᠠᠰᠠᠬᠤ ᠲᠦᠷᠦᠯ ᠵᠦᠢᠯ ᠪᠣᠯᠣᠨ ︽ ᠤᠮᠠᠷᠠᠲᠤ ᠶᠢᠨ ᠭᠤᠷᠪᠠᠨ ᠣᠷᠣᠨ ︾  ᠤ ᠠᠮᠢ ᠠᠬᠤᠢ ᠶᠢᠨ ᠬᠢᠨᠠᠨ ᠬᠡᠮᠵᠢᠬᠦ ᠲᠠᠪᠴᠠᠩ ᠢ ᠪᠠᠶᠢᠴᠠᠭᠠᠨ ᠰᠤᠳᠤᠯᠵᠤ ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ ᠪᠠᠶᠢᠳᠠᠯ ᠢ ᠰᠣᠨᠣᠰᠤᠭᠰᠠᠨ ᠪᠠᠶᠢᠨ᠎ᠠ ᠃  
ᠢᠷᠡᠯᠲᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ