4 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠫᠢᠩ ᠡᠩᠬᠡᠪᠡᠢ ᠪᠠᠯᠭᠠᠰᠤᠨ ᠳᠤ ᠬᠦᠷᠴᠦ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠣᠭᠤᠳᠴᠤ᠂ ᠣᠶ ᠰᠢᠭᠤᠶ ᠨᠤᠲᠤᠭ ᠪᠡᠯᠴᠢᠭᠡᠷ ᠤᠨ ᠠᠰᠠᠭᠤᠳᠠᠯ ᠢ ᠲᠦᠷᠭᠡᠨ ᠴᠡᠭᠴᠡᠯᠡᠨ ᠰᠠᠶᠢᠵᠢᠷᠠᠭᠤᠯᠵᠤ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠶᠡᠭᠡ ᠪᠠᠷ ᠨᠣᠭᠤᠭᠠᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃ | | | ᠨᠢᠦ ᠴᠠᠩ ᠯᠢᠶᠠᠩ ᠲᠣᠰᠬᠤᠨ᠂ ᠦ᠋ ᠳ᠋ᠠ ᠼᠠᠩ ᠲᠣᠰᠬᠤᠨ ᠳᠤ᠂ ᠸᠠᠩ ᠰᠢᠶᠤᠤ ᠫᠢᠩ ᠤᠢ ᠰᠢᠭᠤᠢ ᠡᠪᠡᠰᠦ ᠪᠡᠯᠴᠢᠭᠡᠷ ᠤᠨ ᠬᠠᠤᠯᠢ ᠠᠴᠠ ᠵᠦᠷᠢᠴᠡᠭᠰᠡᠨ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠤᠨ ᠵᠢᠯᠣᠭᠤᠳᠴᠤ᠂ ᠬᠠᠤᠯᠢ ᠠᠴᠠ ᠵᠥᠷᠢᠴᠡᠭᠰᠡᠨ ᠢ ᠪᠤᠢ ᠪᠣᠯᠭᠠᠭᠰᠠᠨ ᠴᠠᠭ᠂ ᠬᠡᠪᠴᠢᠶ᠎ᠡ᠂ ᠲᠤᠭ᠎ᠠ ᠬᠡᠮᠵᠢᠶ᠎ᠡ᠂ | ᠰᠢᠢᠳᠬᠡᠯ ᠢᠶᠠᠷ ᠮᠠᠭᠠᠳᠯᠠᠨ ᠲᠣᠭᠲᠠᠭᠠᠭᠰᠠᠨ ᠵᠢᠴᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠵᠡᠷᠭᠡ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠪᠠ᠃ ᠸᠠᠩ | ᠰᠢᠶᠤᠤ ᠫᠢᠩ᠂ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠲᠦᠷᠭᠡᠳᠬᠡᠵᠦ᠂ ᠤᠢ ᠰᠢᠭᠤᠢ ᠡᠪᠡᠰᠦ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ | ᠪᠦᠬᠦ ᠲᠠᠯ᠎ᠠ ᠪᠠᠷ ᠡᠮᠬᠢᠯᠡᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠩ ᠡᠷᠡᠰ ᠰᠢᠭᠤᠷᠬᠠᠢ ᠣᠪᠣᠷ᠂ ᠨᠡᠩ ᠬᠦᠴᠦᠲᠡᠢ ᠠᠷᠭ᠎ᠠ | ᠬᠡᠮᠵᠢᠶ᠎ᠡ ᠪᠠᠷ ᠬᠦᠴᠦᠨ ᠢᠶᠠᠨ ᠲᠥᠪᠯᠡᠷᠡᠭᠦᠯᠦᠨ ᠤᠢ ᠰᠢᠭᠤᠢ ᠡᠪᠡᠰᠦ ᠪᠡᠯᠴᠢᠭᠡᠷ ᠢ ᠰᠦᠢᠳᠭᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠵᠤ᠂ | ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠵᠦ᠂ ᠦᠯᠡᠳᠡᠭᠳᠡᠯ ᠠᠰᠠᠭᠤᠳᠠᠯ ᠢ ᠡᠷᠡᠰ ᠠᠷᠢᠯᠭᠠᠬᠤ | ᠬᠡᠷᠡᠭᠲᠡᠢ᠃ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠶ ᠰᠢᠭᠤᠶ ᠡᠪᠡᠰᠦ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ | ᠲᠣᠭᠤᠷᠢᠨ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢ ᠴᠢᠩᠭᠠᠳᠬᠠᠨ᠂ ᠡᠳᠦᠷ ᠲᠤᠲᠤᠮ ᠤᠨ ᠲᠣᠭᠤᠷᠢᠨ | ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠡᠯ᠎ᠡ ᠲᠥᠷᠥᠯ ᠤᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠦᠴᠦᠷᠬᠡᠭ ᠶᠡᠭᠡ ᠰᠦᠷᠳᠡᠭᠦᠯᠬᠦ ᠦᠢᠯᠡᠳᠦᠯ ᠢ ᠪᠣᠶ ᠪᠣᠯᠭᠠᠵᠤ᠂ ᠰᠢᠨ᠎ᠡ ᠠᠰᠠᠭᠤᠳᠠᠯ | ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ | ︽ᠵᠠᠮ ᠢᠶᠠᠷ ᠡᠯᠡᠰᠦ ᠶᠢ ᠵᠠᠰᠠᠬᠤ︾ ᠲᠦᠷᠦᠯ ᠵᠦᠢᠯ ᠤᠨ ᠪᠠᠶᠠᠨᠭᠠᠴᠠᠭᠠ ᠠᠴᠠ ᠫᠦ ᠭᠧ ᠪᠥᠸᠧ ᠲᠣᠰᠬᠣᠨ ᠬᠦᠷᠬᠦ ᠬᠡᠰᠡᠭ ᠤᠨ | ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠸᠠᠩ ᠰᠢᠶᠤᠤ ᠫᠢᠩ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠣᠶᠢᠯᠠᠭᠠᠪᠠ᠃ ᠸᠠᠩ ᠰᠢᠶᠤᠤ | ᠫᠢᠩ᠂ ᠡᠯᠡᠰᠦ ᠶᠢ ᠨᠡᠪᠲᠡᠯᠬᠦ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠮᠢ ᠠᠬᠤᠶ ᠶᠢᠨ ᠲᠥᠷᠥᠯ ᠵᠦᠢᠯ ᠤᠨ ᠬᠡᠷᠡᠭᠵᠢᠭᠦᠯᠦᠯᠲᠡ᠂ | ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠲᠠᠢ ᠣᠷᠭᠠᠨᠢᠭ ᠢᠶᠠᠷ ᠤᠶᠠᠯᠳᠤᠭᠤᠯᠬᠤ ᠶᠢᠨ ᠬᠠᠮᠲᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ | ᠳᠣᠤᠷ᠎ᠠ᠂ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠡᠷᠲᠡᠬᠡᠨ ᠪᠠᠶᠢᠭᠤᠯᠵᠤ ᠳᠠᠭᠤᠰᠬᠠᠨ ᠦᠢᠯᠡᠳᠦᠯ ᠢᠶᠠᠨ ᠪᠠᠳᠠᠷᠠᠭᠤᠯᠵᠤ᠂ ︽ᠵᠠᠮ | ᠬᠠᠷᠢᠯᠴᠠᠭ᠎ᠠ ᠶᠢ ᠰᠠᠶᠢᠵᠢᠷᠠᠭᠤᠯᠬᠤ᠂ ᠡᠯᠡᠰᠦ ᠮᠠᠩᠬ᠎ᠠ ᠶᠢ ᠵᠠᠰᠠᠬᠤ᠂ ᠣᠷᠴᠢᠨ ᠲᠣᠭᠤᠷᠢᠨ ᠢ ᠭᠤᠶᠤᠵᠢᠭᠤᠯᠬᠤ᠂ ᠠᠵᠤ ᠦᠢᠯᠡᠰ ᠢ ᠬᠥᠭᠵᠢᠭᠦᠯᠬᠦ︾ ᠬᠠᠷᠠᠯᠲᠠ ᠶᠢ | ᠪᠡᠶᠡᠯᠡᠭᠦᠯᠬᠦ ᠬᠡᠷᠡᠭᠲᠡᠶ᠃ | ᠰᠠᠨ ᠪᠧᠢ ᠶᠢᠨ ᠠᠮᠢ ᠠᠬᠤᠢ ᠶᠢᠨ ᠶᠡᠷᠦᠩᠬᠡᠶᠢᠯᠡᠭᠰᠡᠨ ᠬᠢᠨᠠᠨ ᠬᠡᠮᠵᠢᠬᠦ ᠲᠠᠪᠴᠠᠩ ᠳᠤ᠂ ᠸᠠᠩ ᠰᠢᠶᠤᠤ ᠫᠢᠩ ᠲᠦᠷᠦᠯ ᠵᠦᠢᠯ ᠤᠨ ᠲᠥᠯᠥᠪᠵᠢᠭᠦᠯᠭᠡ ᠶᠢᠨ | ᠵᠢᠷᠤᠭ ᠲᠥᠯᠥᠪᠯᠡᠭᠡ᠂ ᠪᠦᠳᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠣᠶᠢᠯᠠᠭᠠᠪᠠ᠃ ᠸᠠᠩ ᠰᠢᠶᠤᠤ ᠫᠢᠩ᠂ ᠲᠥᠯᠥᠪᠵᠢᠭᠦᠯᠭᠡ ᠵᠢᠷᠤᠭ | ᠲᠥᠯᠥᠪᠯᠡᠭᠡ ᠪᠠᠨ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠴᠢᠳᠠᠪᠬᠢ ᠦᠢᠯᠡᠳᠦᠯ ᠢᠶᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠲᠡᠭᠦᠨ ᠢ ᠦᠨᠡᠨ ᠬᠦ ᠠᠮᠢ | ᠠᠬᠤᠢ ᠶᠢᠨ ᠬᠢᠨᠠᠨ ᠬᠡᠮᠵᠢᠯᠲᠡ ᠶᠢᠨ ᠲᠠᠪᠴᠠᠩ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠲᠠᠪᠴᠠᠩ᠂ ᠰᠢᠨᠵᠢᠯᠡᠬᠦ ᠤᠬᠠᠭᠠᠨ ᠤ ᠰᠤᠳᠤᠯᠭᠠᠨ ᠤ | ᠲᠠᠪᠴᠠᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠪᠴᠠᠩ ᠪᠣᠯᠭᠠᠨ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠰᠢᠤᠸᠠᠢ ᠬᠠᠢ ᠯᠢᠨ᠂ ᠠᠮᠤᠷᠪᠤᠯᠠᠭ ᠣᠷᠣᠯᠴᠠᠵᠠᠢ᠃ | |