24 ᠴᠠᠭ ᠤᠨ ᠲᠤᠳᠤᠷᠠᠬᠢ ᠪᠤᠷᠤᠭᠠᠨ ᠤ ᠤᠰᠤᠨ ᠤ ᠭᠡᠮᠵᠢᠶ᠎ᠡ ᠨᠢ 50 ᠮᠢᠯᠢᠮᠧᠲᠷ ᠠᠴᠠ ᠶᠡᠭᠡ ᠪᠤᠶᠤ ᠲᠡᠩᠴᠡᠬᠦᠥ ᠪᠠᠶᠢᠵᠤ᠂ 100 ᠮᠢᠯᠢᠮᠧᠲᠷ ᠠᠴᠠ | ᠪᠠᠭ᠎ᠠ ᠪᠠᠶᠢᠬᠤ ᠶᠢ ᠰᠢᠷᠥᠬᠦᠨ ᠪᠤᠷᠤᠭᠠᠨ ᠭᠡᠳᠡᠭ᠃ 100 ᠮᠢᠯᠢᠮᠧᠲᠷ ᠠᠴᠠ ᠶᠡᠭᠡ ᠪᠤᠶᠤ ᠲᠡᠩᠴᠡᠬᠦᠥ ᠪᠠᠶᠢᠵᠤ᠂ 250 ᠮᠢᠯᠢᠮᠧᠲᠷ ᠠᠴᠠ ᠪᠠᠭ᠎ᠠ ᠪᠠᠶᠢᠬᠤ ᠶᠢ | ᠶᠡᠭᠡ ᠰᠢᠷᠥᠬᠦᠨ ᠪᠤᠷᠤᠭᠠᠨ ᠭᠡᠳᠡᠭ᠃ 250 ᠮᠢᠯᠢᠮᠧᠲᠷ ᠠᠴᠠ ᠶᠡᠭᠡ ᠪᠤᠶᠤ ᠲᠡᠩᠴᠡᠬᠦᠥ ᠪᠠᠶᠢᠬᠤ ᠶᠢ ᠤᠨᠴᠠ ᠶᠡᠭᠡ ᠰᠢᠷᠥᠬᠦᠨ ᠪᠤᠷᠤᠭᠠᠨ ᠭᠡᠳᠡᠭ᠃ | ※ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ | ○ ᠭᠡᠷ ᠤᠨ ᠭᠠᠳᠠᠨᠠᠬᠢ ᠨᠠᠮ ᠲᠤᠤᠷ᠎ᠠ ᠭᠠᠵᠠᠷ ᠲᠠᠬᠢ ᠠᠶᠤᠯᠳᠠᠢ ᠪᠠᠶᠢᠬᠤ ᠴᠠᠬᠢᠯᠭᠠᠨ ᠤᠳᠠᠰᠤ ᠶᠢ ᠲᠠᠰᠤᠯᠵᠤ᠂ ᠭᠡᠷ ᠤᠨ ᠭᠠᠳᠠᠨᠠᠬᠢ ᠠᠵᠢᠯᠯᠠᠭ᠎ᠠ ᠶᠢ ᠲᠥᠷ | ᠵᠤᠭᠰᠤᠭᠠᠵᠤ᠂ ᠠᠶᠤᠯᠳᠠᠢ ᠭᠠᠵᠠᠷ ᠤᠨ ᠬᠥᠮᠥᠰ ᠬᠢᠭᠡᠳ ᠠᠶᠤᠯᠳᠠᠢ ᠭᠡᠷ ᠪᠠᠷᠢᠯᠭ᠎ᠠ ᠳᠠᠬᠢ ᠰᠠᠭᠤᠭᠠᠯᠢ ᠠᠷᠠᠳ ᠢ ᠠᠮᠤᠷ ᠲᠥᠪᠰᠢᠨ ᠭᠠᠵᠠᠷ ᠲᠠᠯᠠᠪᠢ ᠳᠤ | ᠰᠢᠯᠵᠢᠬᠦᠯᠥᠨ ᠪᠤᠷᠤᠭᠠᠨ ᠠᠴᠠ ᠲᠠᠯᠳᠠᠯᠠᠬᠤ ᠭᠡᠷᠡᠭᠳᠡᠢ᠃ | ○ ᠠᠶᠤᠯᠳᠠᠢ ᠭᠠᠵᠠᠷ ᠤᠷᠤᠨ ᠳᠠᠬᠢ ᠰᠤᠷᠭᠠᠭᠤᠯᠢ ᠪᠤᠯᠤᠨ ᠨᠢᠭᠡᠴᠡ ᠨᠦᠭᠦᠳ ᠬᠢᠴᠢᠶᠡᠯᠯᠡᠬᠦ ᠪᠠ ᠠᠵᠢᠯᠯᠠᠬᠤ ᠪᠠᠨ ᠵᠤᠭᠰᠤᠭᠠᠵᠤ᠂ ᠨᠢᠭᠡᠨᠳᠡ ᠰᠤᠷᠭᠠᠭᠤᠯᠢ | ᠪᠤᠯᠤᠨ ᠭᠡᠥᠭᠡᠳ ᠤᠨ ᠴᠡᠴᠡᠷᠯᠢᠭ ᠲᠡᠭᠡᠨ ᠤᠴᠢᠭᠰᠠᠨ ᠰᠤᠷᠤᠭᠴᠢ ᠪᠤᠶᠤ ᠠᠵᠢᠯ ᠳᠠᠭᠠᠨ ᠭᠠᠷᠤᠭᠰᠠᠨ ᠪᠤᠰᠤᠳ ᠬᠥᠮᠥᠰ ᠤᠨ ᠠᠮᠤᠷ ᠲᠥᠪᠰᠢᠨ ᠢ ᠲᠤᠰᠬᠠᠢ ᠠᠷᠭ᠎ᠠ | ᠭᠡᠮᠵᠢᠶ᠎ᠡ ᠠᠪᠴᠤ ᠬᠠᠮᠠᠭᠠᠯᠠᠨ᠎ᠠ᠃ | ○ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠥᠴᠢᠷ ᠤᠳ ᠵᠠᠮ ᠤᠨ ᠪᠠᠶᠢᠳᠠᠯ ᠢᠶᠠᠨ ᠥᠨᠳᠥᠰᠥᠯᠡᠵᠤ᠂ ᠰᠢᠷᠥᠬᠦᠨ ᠪᠤᠷᠤᠭᠠᠨ ᠤᠷᠤᠵᠤ ᠪᠠᠶᠢᠭ᠎ᠠ | ᠵᠠᠮ ᠤᠨ ᠭᠡᠰᠡᠭ ᠲᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠠᠷᠭ᠎ᠠ ᠭᠡᠮᠵᠢᠶ᠎ᠡ ᠶᠢ ᠠᠪᠴᠤ᠂ ᠤᠰᠤ ᠲᠤᠨᠤᠵᠤ ᠬᠤᠷᠠᠭᠰᠠᠨ ᠵᠠᠮ ᠤᠨ ᠭᠡᠰᠡᠭ ᠲᠠᠬᠢ ᠵᠠᠮ | ᠬᠠᠷᠢᠯᠴᠠᠭ᠎ᠠ ᠶᠢ ᠵᠢᠯᠤᠭᠤᠳᠤᠨ ᠲᠠᠭᠠᠭᠤᠯᠠᠨᠠ ᠃ | ※ ᠲᠤᠰᠬᠠᠢ ᠮᠡᠷᠭᠡᠵᠢᠯᠳᠡᠨ ᠤ ᠰᠠᠨᠠᠭᠤᠯᠤᠮᠵᠢ | ◇ ᠵᠠᠰᠠᠭ ᠤᠨ ᠤᠷᠳᠤᠨ ᠬᠢᠭᠡᠳ ᠬᠤᠯᠪᠤᠭᠳᠠᠯ ᠪᠥᠬᠦᠢ ᠰᠠᠯᠠᠭ᠎ᠠ ᠮᠥᠴᠢᠷ ᠤᠳ ᠡᠬᠦᠷᠭᠡ ᠬᠠᠷᠢᠭᠤᠴᠠᠯᠭ᠎ᠠ ᠪᠠᠷ ᠢᠶᠠᠨ ᠰᠢᠷᠥᠬᠦᠨ ᠪᠤᠷᠤᠭᠠᠨ ᠠᠴᠠ ᠪᠠᠴᠢᠮ | ᠠᠷᠭᠠᠴᠠᠭᠠᠬᠤ ᠪᠠ ᠠᠶᠤᠯ ᠠᠴᠠ ᠠᠪᠤᠷᠠᠬᠤ ᠠᠵᠢᠯ ᠢᠶᠠᠨ ᠰᠠᠶᠢᠳᠤᠷ ᠬᠢᠨ᠎ᠠ ᠃ | ◇ ᠬᠤᠳᠠ᠂ ᠲᠡᠷᠢᠶᠠᠨ ᠭᠠᠵᠠᠷ᠂ ᠵᠢᠭᠠᠰᠤᠨ ᠲᠠᠯᠠᠪᠠᠢ ᠶᠢᠨ ᠤᠰᠤ ᠵᠠᠯᠠᠬᠤ ᠰᠢᠰᠲ᠋ᠧᠮ ᠢ ᠪᠠᠶᠢᠴᠠᠭᠠᠵᠤ᠂ ᠤᠰᠤᠳᠤᠯ ᠢ ᠵᠠᠯᠠᠬᠤ ᠴᠢᠬᠤᠯᠠ ᠪᠥᠬᠦᠢ ᠠᠷᠭ᠎ᠠ | ᠭᠡᠮᠵᠢᠶ᠎ᠡ ᠨᠦᠭᠦᠳ ᠢ ᠠᠪᠴᠤ ᠪᠤᠯᠤᠨ᠎ᠠ᠃ | ◇ ᠡᠬᠦᠰᠴᠤ ᠮᠡᠳᠡᠬᠦ ᠠᠭᠤᠯᠠᠨ ᠥᠶᠡᠷ᠂ ᠠᠭᠤᠯᠨ ᠶᠡᠬᠦᠷᠡᠬᠦ᠂ ᠰᠢᠪᠡᠷ ᠴᠢᠯᠠᠭᠤᠨ ᠤ ᠤᠷᠤᠰᠬᠠᠯ ᠵᠡᠷᠭᠡ ᠭᠠᠮᠰᠢᠬ ᠢ ᠠᠩᠬᠠᠷᠤᠨ ᠰᠡᠷᠭᠡᠶᠢᠯᠡᠨ᠎ᠡ᠃ | |