ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ ᠨᠤᠲᠤᠭ ᠪᠡᠯᠴᠢᠭᠡᠷ ᠴᠦ ᠬᠥᠬᠡᠷᠡᠨ ᠨᠣᠭᠤᠭᠠᠷᠠᠵᠤ᠂ ᠥᠪᠥᠷ ᠮᠣᠩᠭᠤᠯ ᠤᠨ 9.7 ᠳ᠋ᠦᠩᠰᠢᠭᠤᠷ ᠮᠦ ︽ | ᠴᠠᠯᠢᠩ ᠲᠠᠢ ᠠᠮᠠᠷᠠᠯᠲᠠ︾ ᠪᠠᠨ ᠠᠪᠤᠭᠰᠠᠨ ᠨᠤᠲᠤᠭ ᠪᠡᠯᠴᠢᠭᠡᠷ ᠴᠦ ᠬᠠᠮᠤᠭ ᠤᠨ ᠦᠵᠡᠰᠬᠦᠯᠡᠩᠲᠦ ᠰᠠᠶᠢᠬᠠᠨ ᠴᠠᠭ ᠬᠤᠭᠤᠴᠠᠭ᠎ᠠ ᠪᠠᠨ ᠤᠭᠲᠤᠬᠤ ᠪᠣᠯᠣᠯ᠎ᠠ᠃ | ᠥᠪᠥᠷ ᠮᠣᠩᠭᠤᠯ ᠤᠨ ᠬᠠᠮᠤᠭ ᠤᠨ ᠶᠡᠭᠡ ᠡᠬᠡ ᠬᠠᠭᠤᠷᠠᠢ ᠶᠢᠨ ᠠᠮᠢ ᠠᠬᠤᠢ ᠶᠢᠨ ᠰᠢᠰᠲ᠋ᠧᠮ ᠪᠣᠯᠤᠭᠰᠠᠨ ᠤ ᠬᠤᠪᠢ ᠳᠤ ᠨᠤᠲᠤᠭ ᠪᠡᠯᠴᠢᠭᠡᠷ ᠪᠣᠯ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠴᠢᠬᠤᠯᠠ ᠪᠦᠷᠢᠯᠳᠦᠭᠦᠨ ᠬᠡᠰᠡᠭ ᠪᠤᠯᠬᠤ ᠪᠥᠭᠡᠳ ᠮᠥᠨᠴᠦ ᠮᠠᠯ ᠠᠵᠤ ᠠᠬᠤᠢ ᠲᠠᠷᠢᠶᠠᠯᠠᠩ ᠤᠨ | ᠬᠥᠭᠵᠢᠯᠲᠡ ᠶᠢᠨ ᠠᠮᠢᠨ ᠰᠤᠳᠠᠰᠤ ᠪᠤᠯᠬᠤ ᠶᠤᠮ᠃ | 2023 ᠣᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠶᠡᠷᠦᠩᠬᠡᠢ ᠳᠤᠨᠢ ᠠᠪᠴᠤ | ᠦᠵᠡᠪᠡᠯ ᠥᠪᠥᠷ ᠮᠣᠩᠭᠤᠯ ᠤᠨ ᠨᠤᠲᠤᠭ ᠪᠡᠯᠴᠢᠭᠡᠷ ᠲᠤ ᠨᠢᠭᠡᠨᠲᠡ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠵᠦ ᠪᠠᠶᠢᠨ᠎ᠠ᠂ ᠪᠡᠯᠴᠢᠭᠡᠷ ᠢ | ᠠᠮᠠᠷᠠᠭᠤᠯᠬᠤ ᠶᠢ ᠠᠩᠬᠠᠷᠬᠤ ᠴᠢᠬᠤᠯᠠᠲᠠᠢ ᠭᠡᠵᠦ ᠵᠢᠭᠠᠵᠤ ᠭᠠᠷᠭᠠᠪᠠ᠃ | 2024 ᠣᠨ ᠳᠤ᠂ ᠥᠪᠥᠷ ᠮᠣᠩᠭᠤᠯ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ | ᠴᠡᠭ ᠤᠨ ᠠᠵᠢᠯ ᠢ ᠡᠬᠢᠯᠡᠭᠦᠯᠵᠦ᠂ 17 ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠮᠠᠯ ᠪᠡᠯᠴᠢᠭᠡᠷ ᠤᠨ ᠲᠡᠩᠴᠡᠭᠦᠷᠢ ᠶᠢᠨ ᠵᠢᠭᠠᠯᠲᠠ ᠲᠤᠭ᠎ᠠ 23.9% | ᠪᠠᠶᠢᠭᠰᠠᠨ ᠠᠴᠠ ᠪᠠᠨ 10% ᠠᠴᠠ ᠳᠣᠷᠣᠭᠰᠢ ᠪᠤᠯᠲᠠᠯ᠎ᠠ ᠪᠠᠭᠤᠷᠠᠵᠤ᠂ ᠪᠦᠭᠦ ᠣᠷᠣᠨ ᠤ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ | ᠬᠤᠴᠢᠯᠭ᠎ᠠ ᠶᠢᠨ ᠪᠦᠷᠬᠦᠴᠡ 45% ᠪᠠᠶᠢᠭᠰᠠᠨ ᠠᠴᠠ ᠪᠠᠨ 45.5% ᠪᠤᠯᠲᠠᠯ᠎ᠠ ᠳᠡᠭᠡᠭᠰᠢᠯᠡᠪᠡ᠃ 2025 ᠣᠨ ᠳᠤ᠂ ᠪᠡᠯᠴᠢᠭᠡᠷ ᠤᠨ ᠳᠠᠭᠠᠭᠠᠴᠠ ᠠᠴᠠ | ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠳᠡᠭᠡᠨ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠠᠴᠠ ᠪᠦᠭᠦ ᠣᠷᠣᠨ ᠪᠦᠰᠡ ᠲᠡᠶᠢᠰᠢ | ᠥᠷᠭᠡᠳᠬᠡᠵᠦ ᠪᠠᠶᠢᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠠᠵᠤ ᠠᠬᠤᠢ ᠶᠢᠨ ᠦᠷ᠎ᠡ ᠠᠰᠢᠭ ᠤᠨ ᠬᠠᠮᠵᠢᠯᠴᠠᠭᠠᠨ ᠤ ᠵᠠᠮ ᠴᠤ | ᠠᠭᠠᠵᠢᠮ ᠢᠶᠠᠷ ᠲᠣᠳᠣᠷᠠᠵᠤ ᠡᠬᠢᠯᠡᠪᠡ ᠃ | ᠮᠠᠯᠴᠢᠳ᠄ ᠲᠦᠷᠦ ᠶᠢᠨ ᠪᠣᠳᠣᠯᠭ᠎ᠠ ᠶᠢᠨ ᠬᠢᠵᠠᠭᠠᠷᠯᠠᠯ ᠠᠴᠠ ᠰᠠᠨᠠᠭᠠᠴᠢᠯᠠᠭ᠎ᠠ ᠠᠴᠠ ᠪᠠᠨ ᠰᠠᠬᠢᠨ ᠬᠠᠮᠠᠭᠠᠯᠠᠬᠤ ᠭᠦᠷᠳᠡᠯ᠎ᠠ᠂ ᠨᠤᠲᠤᠭ ᠪᠡᠯᠴᠢᠭᠡᠷ ᠤᠨ ᠠᠮᠢ | ᠠᠬᠤᠢ ᠦᠷᠭᠦᠯᠵᠢᠯᠡᠨ ᠰᠠᠶᠢᠵᠢᠷᠠᠪᠠ | ᠤᠯᠠᠷᠢᠯ ᠤᠨ ᠰᠣᠯᠢᠭᠳᠠᠯ ᠳᠤ ᠣᠷᠣᠭᠰᠠᠨ ᠬᠡᠳᠦᠨ ᠤᠳᠠᠭᠠᠨ ᠤ ᠶᠡᠭᠡ ᠪᠣᠷᠣᠭᠠᠨ ᠤ ᠳᠠᠷᠠᠭ᠎ᠠ ᠳᠠᠷᠬᠠᠨ ᠮᠤᠤᠮᠢᠩᠭᠠᠨ ᠤ ᠲᠠᠯ᠎ᠠ ᠨᠤᠲᠤᠭ ᠨᠣᠭᠤᠭᠠᠷᠠᠵᠤ | ᠡᠬᠢᠯᠡᠵᠡᠢ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠮᠤᠨᠢ ᠠᠭᠤᠯᠠ ᠶᠢᠨ ᠠᠷᠤ ᠬᠤᠷᠮᠣᠢ ᠳᠤ ᠪᠠᠶᠢᠷᠢᠯᠠᠵᠤ᠂ ᠠᠭᠤᠷ ᠠᠮᠢᠰᠬᠤᠯ ᠭᠠᠩ ᠬᠠᠭᠤᠷᠠᠢ ᠬᠤᠷ᠎ᠠ | ᠲᠤᠨᠳᠠᠰᠤ ᠪᠠᠭ᠎ᠠ᠂ ᠠᠮᠢ ᠠᠬᠤᠢ ᠬᠡᠪᠡᠷᠡᠭ ᠪᠠᠶᠢᠳᠠᠭ᠃ ᠲᠡᠭᠡᠪᠡᠯ ᠥᠩᠭᠡᠷᠡᠭᠰᠡᠨ ᠤ ᠭᠠᠩ ᠬᠠᠭᠤᠷᠠᠢ ᠪᠠ ᠬᠡᠲᠦᠷᠡᠲᠡᠯ᠎ᠡ ᠪᠡᠯᠴᠢᠭᠡᠷᠯᠡᠭᠦᠯᠦᠭᠰᠡᠨ ᠠᠴᠠ ᠪᠣᠯᠵᠤ | ᠡᠯᠡᠰᠦᠷᠬᠡᠭᠵᠢᠭᠰᠡᠨ ᠡᠨᠡ ᠬᠦ ᠨᠤᠲᠤᠭ ᠪᠡᠯᠴᠢᠭᠡᠷ ᠨᠢ ᠬᠡᠷᠬᠢᠨ ᠰᠡᠷᠭᠦᠵᠦ ᠨᠣᠭᠤᠭᠠᠷᠠᠭᠰᠠᠨ ᠪᠤᠢ︖ ᠪᠢᠳᠡ ᠳᠠᠷᠬᠠᠨ ᠰᠤᠮᠤᠨ ᠤ ᠴᠠᠭᠠᠬᠤᠪᠤᠭ᠎ᠠ ᠭᠠᠴᠠᠭᠠᠨ ᠤ | ᠮᠠᠯᠴᠢᠨ ᠯᠢᠦ ᠾᠧ ᠸᠠᠩ ᠤᠨ ᠬᠢ ᠠᠴᠠ ᠬᠠᠷᠢᠭᠤᠯᠲᠠ ᠣᠯᠣᠯ᠎ᠠ᠃ | ᠯᠢᠦ ᠾᠧ ᠸᠠᠩ ᠤᠨ ᠬᠢᠨ ᠳᠤ ᠬᠦᠷᠬᠦᠯᠡᠷ ᠭᠡᠷ ᠤᠨ ᠠᠷᠤ ᠳᠤᠨᠢ ᠣᠪᠣᠭᠠᠯᠠᠭᠰᠠᠨ ᠡᠪᠡᠰᠦᠨ ᠣᠪᠣᠭ᠎ᠠ ᠬᠠᠷᠠᠭ᠎ᠠ ᠶᠢ ᠪᠤᠯᠢᠶᠠᠵᠤ᠂ ᠠᠩᠬᠠᠷᠤᠯ ᠢ ᠮᠠᠰᠢ | ᠲᠠᠲᠠᠯ᠎ᠠ᠃ ᠡᠨᠡ ᠪᠣᠯ ᠲᠡᠭᠦᠨ ᠤ ᠤᠷᠲᠤ ᠬᠤᠭᠤᠴᠠᠭ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠳᠤ ᠠᠪᠤᠭᠰᠠᠨ ᠪᠡᠯᠡᠳᠬᠡᠯ ᠠᠵᠢᠯ ᠪᠤᠯᠬᠤ ᠶᠤᠮ᠃ 45 ᠡᠳᠦᠷ ᠤᠨ | ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠪᠠᠷ ᠪᠣᠯ ᠲᠤᠬᠠᠢ ᠶᠢᠨ ᠭᠠᠵᠠᠷ ᠤᠨ ᠮᠠᠯᠴᠢᠳ 5 ᠰᠠᠷ᠎ᠠ ᠶᠢᠨ 20 ᠤ ᠡᠳᠦᠷ ᠠᠴᠠ | ᠡᠬᠢᠯᠡᠨ ᠪᠡᠯᠴᠢᠭᠡᠷᠯᠡᠭᠦᠯᠵᠦ ᠪᠣᠯᠣᠨ᠎ᠠ᠃ ᠭᠡᠪᠡᠴᠦ ᠯᠢᠦ ᠾᠧ ᠸᠠᠩ ᠵᠢᠯ ᠪᠦᠷᠢ 6 ᠰᠠᠷ᠎ᠠ ᠶᠢᠨ 20 ᠤ ᠡᠳᠦᠷ ᠠᠴᠠ ᠰᠠᠶ᠋ᠢ ᠦᠬᠡᠷ ᠬᠤᠨᠢ ᠪᠠᠨ ᠪᠡᠯᠴᠢᠭᠡᠷ ᠲᠤ | ᠭᠠᠷᠭᠠᠳᠠᠭ᠃ ︽ᠬᠤᠨᠢ ᠢᠮᠠᠭ᠎ᠠ ᠡᠪᠡᠰᠦᠨ ᠤ ᠦᠨᠳᠦᠰᠦ ᠶᠢ ᠮᠠᠯᠲᠠᠵᠤ ᠢᠳᠡᠬᠦ ᠳᠤᠷᠠᠲᠠᠢ᠂ 5 ᠰᠠᠷ᠎ᠠ ᠳᠤ ᠡᠪᠡᠰᠦ ᠴᠤᠬᠤᠶᠢᠭᠠᠳ ᠳᠡᠮᠡᠢ ᠤᠳᠠᠭᠠᠳᠤᠢ᠂ ᠬᠤᠨᠢ | ᠢᠮᠠᠭ᠎ᠠ ᠢᠳᠡᠵᠦ ᠴᠠᠳᠬᠤ ᠦᠭᠡᠢ ᠮᠥᠷᠲᠡᠭᠡᠨ ᠨᠤᠲᠤᠭ ᠪᠡᠯᠴᠢᠭᠡᠷ ᠢ ᠠᠮᠠᠷᠬᠠᠨ ᠡᠪᠳᠡᠨ᠎ᠡ᠃ ᠬᠡᠷᠪᠡ ᠨᠢᠭᠡ ᠰᠠᠷ᠎ᠠ ᠬᠤᠶᠢᠰᠢᠯᠠᠭᠤᠯᠤᠨ ᠪᠡᠯᠴᠢᠭᠡᠷᠯᠡᠭᠦᠯᠪᠡᠯ ᠨᠤᠲᠤᠭ | ᠪᠡᠯᠴᠢᠭᠡᠷ ᠴᠦ ᠭᠦᠢᠴᠡᠳ ᠰᠡᠷᠭᠦᠵᠦ ᠳᠡᠶᠢᠯᠦᠨ᠎ᠡ︾ ᠭᠡᠵᠦ ᠯᠢᠦ ᠾᠧ ᠸᠠᠩ ᠬᠡᠯᠡᠵᠦ ᠪᠠᠶᠢᠯ᠎ᠠ᠃ | ᠯᠢᠦ ᠾᠧ ᠸᠠᠩ ᠨᠤᠲᠤᠭ ᠪᠡᠯᠴᠢᠭᠡᠷ ᠢᠶᠠᠨ ᠬᠠᠮᠠᠭᠠᠯᠠᠬᠤ ᠲᠠᠯ᠎ᠠ ᠪᠠᠷ ᠥᠪᠡᠷ ᠤᠨ ᠢᠶᠠᠨ ᠭᠡᠰᠡᠨ ᠠᠷᠭ᠎ᠠ ᠬᠢᠳᠡᠯ ᠲᠠᠢ ᠪᠠᠶᠢᠭ᠎ᠠ ᠠᠵᠢ᠃ ᠪᠡᠯᠴᠢᠭᠡᠷ ᠤᠨ | ᠳᠠᠭᠠᠭᠠᠴᠠ ᠶᠢ ᠬᠥᠩᠭᠡᠷᠡᠭᠦᠯᠬᠦ ᠶᠢᠨ ᠲᠥᠯᠥᠭᠡ 2024 ᠣᠨ ᠤ ᠵᠤᠨ ᠠᠴᠠ ᠡᠬᠢᠯᠡᠨ ᠲᠡᠷᠡ ᠬᠤᠨᠢ ᠪᠠᠨ ᠰᠠᠷ᠎ᠠ ᠪᠦᠷᠢ 15 ᠲᠥᠭᠦᠷᠢᠭ ᠤᠨ ᠦᠨ᠎ᠡ ᠪᠠᠷ ᠣᠷᠣᠯᠠᠨ | ᠲᠡᠵᠢᠭᠡᠯᠭᠡᠵᠦ᠂ ᠥᠪᠡᠷ ᠤᠨ ᠪᠡᠯᠴᠢᠭᠡᠷ ᠲᠡᠭᠡᠨ ᠵᠥᠪᠭᠡᠨ ᠲᠤᠬᠠᠢ ᠶᠢᠨ ᠵᠢᠯ ᠳᠤ ᠳᠤᠰᠤᠭᠰᠠᠨ ᠬᠤᠷᠠᠭ᠎ᠠ ᠪᠠᠨ ᠪᠡᠯᠴᠢᠭᠡᠷᠯᠡᠭᠦᠯᠳᠡᠭ᠃ 12 ᠰᠠᠷ᠎ᠠ ᠪᠣᠯᠵᠤ ᠪᠡᠯᠴᠢᠭᠡᠷ | ᠮᠠᠭᠤᠳᠠᠬᠤ ᠦᠶ᠎ᠡ ᠪᠠᠷ ᠬᠤᠨᠢ ᠪᠠᠨ ᠬᠠᠰᠢᠶᠠᠯᠠᠨ ᠲᠡᠵᠢᠭᠡᠳᠡᠭ ᠶᠤᠮ᠃ | ᠲᠤᠬᠠᠢ ᠶᠢᠨ ᠵᠢᠯ ᠤᠨ 12 ᠰᠠᠷ᠎ᠠ ᠠᠴᠠ ᠳᠠᠷᠠᠭ᠎ᠠ ᠵᠢᠯ ᠤᠨ ᠬᠢᠨᠢ 6 ᠰᠠᠷ᠎ᠠ ᠶᠢᠨ 20 ᠤ ᠡᠳᠦᠷ ᠪᠤᠯᠲᠠᠯ᠎ᠠ ᠯᠢᠦ ᠾᠧ ᠸᠠᠩ ᠤᠨ ᠨᠤᠲᠤᠭ ᠪᠡᠯᠴᠢᠭᠡᠷ ᠢᠶᠠᠨ | ᠠᠮᠠᠷᠠᠭᠤᠯᠤᠨ ᠰᠡᠷᠭᠦᠭᠡᠬᠦ ᠬᠤᠭᠤᠴᠠᠭ᠎ᠠ ᠬᠠᠭᠠᠰ ᠵᠢᠯ ᠳᠤ ᠬᠦᠷᠴᠦ᠂ ᠵᠢᠯ ᠤᠨ ᠬᠠᠰᠢᠶᠠᠯᠠᠨ ᠲᠡᠵᠢᠭᠡᠬᠦ ᠡᠪᠡᠰᠦ ᠪᠣᠷᠳᠤᠭ᠎ᠠ ᠳᠠᠭᠠᠨ 70 ᠲᠦᠮᠡᠨ | ᠲᠥᠭᠦᠷᠢᠭᠵᠠᠷᠤᠴᠠᠭᠤᠯᠵᠤ ᠪᠠᠶᠢᠭ᠎ᠠ ᠪᠤᠯᠪᠠᠴᠤ ᠯᠢᠦ ᠾᠧ ᠸᠠᠩ ᠪᠡᠨ᠎ᠡ ᠲᠠᠢ ᠭᠡᠵᠦ ᠦᠵᠡᠳᠡᠭ᠃ ︽ᠨᠤᠲᠤᠭ ᠪᠡᠯᠴᠢᠭᠡᠷ ᠪᠣᠯ ᠮᠠᠯᠴᠢᠳ ᠤᠨ ᠠᠮᠢ ᠭᠤᠣᠯ ᠮᠥᠨ᠂ | ᠨᠤᠲᠤᠭ ᠪᠡᠯᠴᠢᠭᠡᠷ ᠢᠶᠠᠨ ᠰᠠᠶᠢᠲᠤᠷ ᠬᠠᠮᠠᠭᠠᠯᠠᠬᠤ ᠪᠣᠯ ᠰᠠᠶ᠋ᠢ ᠪᠢᠳᠡᠨ ᠤ ᠣᠷᠣᠰᠢᠨ ᠲᠣᠭᠲᠠᠨᠢᠬᠤ ᠶᠢᠨ ᠦᠨᠳᠦᠰᠦ ᠮᠥᠨ︾ ᠭᠡᠵᠦ ᠯᠢᠦ ᠾᠧ ᠸᠠᠩ ᠬᠡᠯᠡᠨ᠎ᠡ᠃ | ᠯᠢᠦ ᠾᠧ ᠸᠠᠩ 1996 ᠣᠨ ᠠᠴᠠ ᠡᠬᠢᠯᠡᠨ ᠬᠤᠨᠢ ᠲᠡᠵᠢᠭᠡᠵᠡᠢ᠃ ᠬᠠᠮᠤᠭ ᠤᠨ ᠤᠯᠠᠨ ᠳᠠᠭᠠᠨ ᠥᠪᠡᠷ ᠤᠨ ᠪᠡᠯᠴᠢᠭᠡᠷ ᠪᠠ ᠲᠦᠷᠢᠶᠡᠰᠦᠯᠡᠭᠰᠡᠨ ᠪᠡᠯᠴᠢᠭᠡᠷ | ᠲᠠᠢ ᠪᠠᠨ ᠨᠡᠶᠢᠲᠡ 3 ᠲᠦᠮᠡ ᠭᠠᠷᠤᠢ ᠮᠦ ᠪᠡᠯᠴᠢᠭᠡᠷ ᠳᠡᠭᠡᠷ᠎ᠡ ᠪᠠᠨ 2000 ᠭᠠᠷᠤᠢ ᠬᠤᠨᠢ ᠲᠡᠵᠢᠭᠡᠵᠦ ᠪᠠᠶᠢᠪᠠ᠃ | ᠲᠤᠬᠠᠢ ᠶᠢᠨ ᠦᠶ᠎ᠡ ᠳᠤ ᠲᠠᠯ᠎ᠠ ᠨᠤᠲᠤᠭ ᠤᠨ ᠮᠠᠯᠴᠢᠳ ᠪᠤᠰᠤᠳ ᠠᠵᠤ ᠠᠬᠤᠢ ᠶᠢᠨ ᠢᠷᠡᠯᠲᠡ ᠦᠭᠡᠢ᠂ ᠪᠦᠷ ᠬᠤᠨᠢ ᠲᠡᠵᠢᠭᠡᠬᠦ ᠳᠤ ᠲᠦᠰᠢᠭᠯᠡᠨ ᠨᠢᠭᠡ | ᠭᠡᠷ ᠤᠨ ᠠᠮᠢᠳᠤᠷᠠᠯ ᠢᠶᠠᠨ ᠠᠷᠭᠠᠴᠠᠭᠠᠵᠤ ᠪᠠᠶᠢᠵᠠᠢ᠃ ᠬᠤᠨᠢᠨ ᠤ ᠲᠤᠭ᠎ᠠ ᠲᠣᠯᠣᠭᠠᠢ ᠣᠯᠠᠰᠢᠷᠠᠬᠤ ᠶᠢ ᠳᠠᠭᠠᠯᠳᠤᠨ ᠨᠤᠲᠤᠭ ᠪᠡᠯᠴᠢᠭᠡᠷ ᠤᠨ ᠳᠠᠭᠠᠭᠠᠴᠠ | ᠬᠦᠨᠳᠦᠷᠡᠵᠦ᠂ ᠮᠠᠭᠤ ᠣᠷᠴᠢᠯ ᠢ ᠪᠤᠢ ᠪᠣᠯᠭᠠᠪᠠ᠃ | 2000 ᠣᠨ ᠳᠤ᠂ ᠥᠪᠡᠷᠲᠡᠭᠡᠨ ᠵᠠᠰᠠᠬᠤ ᠣᠷᠣᠨ ᠠᠴᠠ ᠡᠷᠡᠰ ᠰᠢᠭᠤᠷᠬᠠᠢ ᠠᠷᠭ᠎ᠠ ᠬᠡᠮᠵᠢᠶ᠎ᠡ ᠠᠪᠴᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠢ | ᠠᠮᠠᠷᠠᠭᠤᠯᠬᠤ᠂ ᠰᠡᠯᠭᠦᠨ ᠮᠠᠯᠵᠢᠬᠤ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠢ ᠰᠡᠷᠭᠦᠭᠡᠪᠡ᠃ 2011 ᠣᠨ ᠠᠴᠠ ᠡᠬᠢᠯᠡᠨ᠂ ᠤᠯᠤᠰ ᠤᠨ ᠳᠡᠮᠵᠢᠯᠭᠡ ᠳᠣᠣᠷ᠎ᠠ᠂ | ᠥᠪᠥᠷ ᠮᠣᠩᠭᠤᠯ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠪᠦᠲᠦᠭᠡᠨ ᠪᠠᠶᠢᠭᠤᠯᠬᠤ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ | ᠲᠦᠷᠦᠭᠦᠯᠡᠨ ᠬᠡᠷᠡᠭᠵᠢᠭᠦᠯᠵᠦ᠂ ᠮᠠᠯᠴᠢᠳ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠱᠠᠩᠨᠠᠯ | ᠣᠯᠭᠤᠪᠠ᠃ | ᠠᠮᠢᠳᠤᠷᠠᠯ ᠪᠠ ᠠᠮᠢ ᠠᠬᠤᠢ ᠶᠢᠨ ᠳᠠᠷᠤᠯᠲᠠ ᠳᠣᠣᠷ᠎ᠠ ᠯᠢᠦ ᠾᠧ ᠸᠠᠩ ᠥᠨᠳᠥᠷ ᠪᠦᠲᠦᠮᠵᠢᠲᠡᠢ ᠲᠡᠵᠢᠭᠡᠨ ᠦᠷᠡᠵᠢᠭᠦᠯᠬᠦ ᠪᠠᠷ ᠳᠠᠮᠵᠢᠨ ᠠᠮᠢ ᠠᠬᠤᠢ ᠶᠢᠨ | ᠪᠠ ᠣᠷᠣᠯᠭ᠎ᠠ ᠶᠢᠨ ᠬᠤᠣᠰ ᠠᠮᠵᠢᠯᠲᠠ ᠶᠢ ᠪᠡᠶᠡᠯᠡᠭᠦᠯᠬᠦ ᠵᠠᠮ ᠢ ᠰᠦᠪᠡᠭᠴᠢᠯᠡᠵᠦ ᠡᠬᠢᠯᠡᠪᠡ᠃ 2024 ᠣᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ | ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠢᠶᠠᠷ | ᠰᠣᠩᠭᠤᠭᠳᠠᠵᠤ᠂ ᠲᠡᠷᠡ ᠬᠤᠨᠢᠨ ᠤ ᠡᠭᠦᠯᠳᠡᠷ ᠢᠶᠠᠨ ᠪᠦᠭᠦᠨ ᠢ ᠮᠢᠬᠠᠨ ᠤ ᠭᠠᠷᠤᠯᠲᠠ ᠶᠢᠨ ᠨᠣᠷᠮ᠎ᠠ ᠪᠠᠷ ᠥᠨᠳᠥᠷ᠂ ᠡᠪᠡᠰᠦ ᠪᠣᠷᠳᠣᠭᠠᠨ ᠤ ᠰᠢᠩᠭᠡᠭᠡᠯᠲᠡ ᠰᠠᠶᠢᠨ᠂ | ᠢᠭᠡᠷᠡᠯᠡᠭᠦ ᠨᠣᠷᠮ᠎ᠠ ᠪᠠᠷ ᠥᠨᠳᠥᠷ ᠠᠦ᠋ᠰᠲᠷᠠᠯᠢᠶ᠎ᠠ ᠶᠢᠨ ᠴᠠᠭᠠᠨ ᠬᠤᠨᠢ ᠪᠠ ᠰᠠᠹᠦᠺ ᠬᠤᠨᠢ ᠪᠣᠯᠭᠠᠨ ᠰᠢᠯᠢᠳᠡᠭᠵᠢᠭᠦᠯᠵᠦ᠂ ᠬᠤᠨᠢ ᠪᠠᠨ 400 ᠭᠠᠷᠤᠢ ᠪᠣᠯᠭᠠᠨ | ᠪᠠᠭᠠᠰᠬᠠᠪᠠ᠃ | ᠪᠡᠯᠴᠢᠭᠡᠷᠯᠡᠭᠦᠯᠬᠦ ᠶᠢ ᠬᠤᠶᠢᠰᠢᠯᠠᠭᠤᠯᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭ᠎ᠠ ᠶᠢ ᠤᠷᠲᠤᠳᠬᠠᠬᠤ᠂ ᠮᠠᠯ ᠤᠨᠤᠭ᠎ᠠ ᠶᠢ ᠣᠷᠣᠯᠠᠨ ᠲᠡᠵᠢᠭᠡᠯᠭᠡᠬᠦ᠂ | ᠴᠥᠭᠡᠨ ᠲᠡᠵᠢᠭᠡᠵᠦ ᠨᠠᠷᠢᠯᠢᠭ ᠠᠷᠠᠴᠢᠯᠠᠬᠤ᠂ ᠣᠨᠳᠣᠣ ᠭᠠᠵᠠᠷ ᠲᠤ ᠰᠢᠯᠵᠢᠭᠦᠯᠦᠨ ᠮᠠᠯᠵᠢᠬᠤ ᠁ ᠨᠤᠲᠤᠭ ᠪᠡᠯᠴᠢᠭᠡᠷ ᠮᠠᠯᠴᠢᠳ ᠤᠨ ᠰᠠᠨᠠᠭᠠᠴᠢᠯᠠᠭ᠎ᠠ ᠠᠴᠠ ᠪᠠᠨ | ᠰᠠᠬᠢᠨ ᠬᠠᠮᠠᠭᠠᠯᠠᠬᠤ ᠳᠤᠮᠳᠠ ᠰᠢᠨ᠎ᠡ ᠠᠮᠢᠵᠢᠷᠠᠯ ᠢᠶᠠᠨ ᠤᠭᠲᠤᠵᠤ᠂ ᠮᠠᠯᠴᠢᠳ ᠴᠤ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠬᠤ ᠳᠤᠮᠳᠠ ᠠᠮᠢ ᠠᠬᠤᠢ ᠶᠢᠨ ᠪᠠ | ᠠᠵᠤ ᠠᠬᠤᠢ ᠶᠢᠨ ᠬᠤᠣᠰ ᠦᠷ᠎ᠡ ᠠᠰᠢᠭ ᠣᠯᠪᠠ᠃ | ᠨᠤᠲᠤᠭ ᠪᠡᠯᠴᠢᠭᠡᠷ ᠪᠣᠯ ᠮᠠᠯᠴᠢᠳ ᠤᠨ ᠣᠷᠣᠰᠢᠨ ᠠᠮᠢᠳᠤᠷᠠᠬᠤ ᠴᠢᠬᠤᠯᠠ ᠡᠬᠢ ᠪᠠᠶᠠᠯᠢᠭ ᠮᠥᠨ᠃ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ | ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠪᠣᠯ ᠮᠠᠯᠴᠢᠳ ᠤᠨ ᠠᠮᠢ ᠠᠬᠤᠢ ᠶᠢᠨ ᠣᠶᠢᠯᠠᠭᠠᠭᠳᠠᠬᠤᠨ ᠠᠴᠠ ᠮᠠᠯᠵᠢᠬᠤ ᠣᠷᠣᠨ ᠤ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠭᠡᠯᠪᠡᠷᠢ ᠬᠦᠷᠲᠡᠯᠡᠬᠢ ᠭᠦᠨᠵᠡᠭᠡᠢ ᠬᠤᠪᠢᠷᠠᠯᠲᠠ ᠪᠠᠶᠢᠵᠤ᠂ ᠥᠪᠥᠷ ᠮᠣᠩᠭᠤᠯ ᠤᠨ ᠨᠤᠲᠤᠭ ᠪᠡᠯᠴᠢᠭᠡᠷ ᠲᠤ ᠭᠦᠨ ᠭᠦᠨᠵᠡᠭᠡᠢ ᠨᠥᠯᠥᠭᠡ | ᠦᠵᠡᠭᠦᠯᠭᠦ ᠨᠢ ᠯᠠᠪᠲᠠᠢ ᠶᠤᠮ᠃ | ᠨᠤᠲᠤᠭ ᠪᠡᠯᠴᠢᠭᠡᠷ᠄ ᠦᠢᠯᠡᠳᠪᠦᠷᠢᠯᠡᠯ ᠤᠨ ᠬᠡᠷᠡᠭᠰᠡᠯ ᠠᠴᠠ ᠬᠥᠭᠵᠢᠯᠲᠡ ᠶᠢᠨ ᠬᠥᠳᠡᠯᠭᠡᠬᠦ ᠬᠦᠴᠦᠨ ᠭᠦᠷᠲᠡᠯ᠎ᠡ᠂ ᠨᠤᠲᠤᠭ ᠪᠡᠯᠴᠢᠭᠡᠷ ᠤᠨ ᠦᠷᠳᠡᠭ | ᠳᠠᠰᠤᠷᠠᠯᠳᠠ ᠦᠭᠡᠢ ᠲᠠᠭᠢᠨ ᠪᠦᠲᠦᠭᠡᠭᠳᠡᠨᠡ | ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠷᠬᠡᠲᠦ ᠤᠢ ᠰᠢᠭᠤᠢ ᠶᠢᠨ ᠲᠠᠯᠠᠪᠠᠢ ᠶᠢᠨ ᠵᠦᠩ ᠺᠧ ᠬᠢᠶᠠᠭ ᠡᠪᠡᠰᠦ ᠲᠠᠷᠢᠬᠤ | ᠰᠠᠭᠤᠷᠢᠨ ᠳᠤ 1270 ᠮᠦ ᠲᠥᠪᠯᠡᠷᠡᠭᠦᠯᠦᠨ ᠵᠠᠯᠭᠠᠯᠳᠤᠭᠤᠯᠵᠤ ᠳᠠᠷᠢᠭᠰᠠᠨ ᠬᠢᠶᠠᠭ ᠡᠪᠡᠰᠦ ᠥᠩᠭᠡᠷᠡᠭᠰᠡᠨ ᠤ ᠡᠯᠡᠰᠦᠷᠬᠡᠭᠵᠢᠭᠰᠡᠨ ᠬᠥᠷᠥᠰᠥ ᠰᠢᠷᠣᠢ ᠳᠤ ᠨᠣᠭᠤᠭᠠᠨ | ᠭᠦᠷᠮ᠎ᠠ ᠭᠡᠲᠦᠷᠡᠭᠦᠯᠪᠡ᠃ ᠬᠢᠶᠠᠭ ᠡᠪᠡᠰᠦ ᠨᠢ ᠤᠭᠤᠷᠠᠭ ᠤᠨ ᠠᠭᠤᠯᠤᠭᠳᠠᠴᠠ ᠥᠨᠳᠥᠷ ᠰᠥᠯ ᠰᠠᠶᠢᠲᠠᠢ ᠲᠡᠵᠢᠭᠡᠯ ᠡᠪᠡᠰᠦ ᠪᠤᠯᠬᠤ ᠪᠠᠷ ᠪᠠᠷᠠᠬᠤ ᠦᠭᠡᠢ᠂ ᠡᠬᠡ | ᠭᠠᠵᠠᠷ ᠲᠤ ᠭᠦᠨ ᠦᠨᠳᠦᠰᠦᠯᠡᠨ᠂ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠵᠡᠷᠭᠡ | ᠦᠢᠯᠡᠳᠦᠯ ᠲᠠᠢ ᠪᠠᠶᠢᠵᠤ᠂ ᠴᠦᠯᠯᠡᠷᠭᠡᠭᠵᠢᠭᠰᠡᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ︽ᠬᠤᠷᠴᠠ ᠵᠡᠪᠰᠡᠭ︾ ᠪᠣᠯᠣᠨ᠎ᠠ᠃ | ︽ᠬᠢᠶᠠᠭ ᠡᠪᠡᠰᠦ ᠶᠢ ᠨᠢᠭᠡ ᠯᠡ ᠤᠳᠠᠭ᠎ᠠ ᠲᠠᠷᠢᠪᠠᠯ᠂ ᠬᠡᠳᠦᠨ ᠠᠷᠪᠠᠨ ᠵᠢᠯ ᠳᠤ ᠠᠰᠢᠭ ᠭᠦᠷᠳᠡᠨ᠎ᠡ᠃ ᠲᠠᠷᠢᠮᠠᠯ ᠤᠨ ᠰᠠᠭᠤᠷᠢᠨ ᠤ 1270 ᠮᠦ ᠬᠢᠶᠠᠭ | ᠡᠪᠡᠰᠦ ᠮᠦ ᠪᠦᠷᠢ ᠳᠡᠭᠡᠨ 20 ᠺᠢᠯᠦᠭᠷᠠᠮ ᠦᠷ᠎ᠡ ᠤᠨᠠᠵᠤ᠂ 450 ᠺᠢᠯᠦᠭᠷᠠᠮ ᠬᠠᠭᠤᠷᠠᠢ ᠡᠪᠡᠰᠦ ᠬᠤᠷᠢᠶᠠᠵᠤ᠂ ᠠᠮᠢ ᠠᠬᠤᠢ ᠶᠢᠨ ᠦᠷ᠎ᠡ ᠠᠰᠢᠭ ᠪᠣᠯᠣᠨ ᠠᠵᠤ | ᠠᠬᠤᠢ ᠶᠢᠨ ᠦᠷ᠎ᠡ ᠠᠰᠢᠭ ᠲᠣᠪᠣᠶᠢᠮ᠎ᠠ ᠶᠤᠮ᠃ ᠪᠢᠳᠠ ᠨᠢᠭᠡᠨᠲᠡ ᠣᠶᠢᠷ᠎ᠠ ᠬᠠᠪᠢ ᠶᠢᠨ ᠮᠠᠯᠵᠢᠬᠤ ᠲᠠᠷᠢᠶᠠᠯᠠᠬᠤ ᠡᠷᠦᠭᠡ ᠶᠢ ᠳᠠᠶᠢᠴᠢᠯᠠᠨ ᠬᠢᠶᠠᠭ ᠡᠪᠡᠰᠦᠨ ᠤ | ᠲᠠᠷᠢᠮᠠᠯ ᠤᠨ ᠲᠠᠯᠠᠪᠠᠢ ᠶᠢ 6000 ᠮᠦ ᠪᠣᠯᠭᠠᠨ ᠥᠷᠭᠡᠳᠬᠡᠨ ᠳᠡᠯᠭᠡᠷᠡᠭᠦᠯᠪᠡ︾ ᠭᠡᠵᠦ ᠰᠠᠭᠤᠷᠢᠨ ᠤ ᠬᠠᠷᠢᠭᠤᠴᠠᠯᠭᠠᠲᠠᠨ ᠳ᠋ᠦᠩ ᠴᠦᠨ ᠯᠢᠨ ᠬᠡᠯᠡᠵᠦ ᠪᠠᠶᠢᠯ᠎ᠠ᠃ | ᠨᠠᠮᠤᠷ ᠪᠤᠯᠬᠤ ᠳᠤ᠂ ᠡᠪᠡᠰᠦᠨ ᠤ ᠦᠷ᠎ᠡ ᠪᠣᠯᠣᠨ ᠬᠠᠭᠤᠷᠠᠢ ᠡᠪᠡᠰᠦ ᠶᠢ ᠲᠤᠬᠠᠢ ᠶᠢᠨ ᠭᠠᠵᠠᠷ ᠤᠨ ᠠᠯᠳᠠᠷ ᠣᠲᠣ ᠦᠶ᠎ᠡ ᠶᠢᠨ ᠡᠪᠡᠰᠦᠨ ᠤ ᠠᠵᠤ | ᠦᠢᠯᠡᠰ ᠤᠨ ᠡᠳ᠋ᠰᠢᠭᠦᠯᠦᠨ ᠪᠤᠯᠪᠠᠰᠤᠷᠠᠭᠤᠯᠬᠤ ᠪᠠᠷᠠᠭᠠᠨ ᠤ ᠭᠦᠢᠯᠭᠡᠭᠡ ᠶᠢᠨ ᠠᠷᠠᠯᠵᠢᠶᠠᠨ ᠤ ᠬᠦᠷᠢᠶᠡᠯᠡᠩ ᠲᠣᠭᠤᠷᠢᠭ ᠲᠤ ᠬᠦᠷᠭᠡᠵᠦ᠂ ᠬᠠᠭᠤᠷᠠᠢ ᠡᠪᠡᠰᠦ ᠶᠢ | ᠲᠡᠵᠢᠭᠡᠯ ᠡᠪᠡᠰᠦ ᠪᠣᠷᠳᠣᠭᠠᠨ ᠤ ᠪᠦᠲᠦᠭᠡᠭᠳᠡᠬᠦᠨ ᠪᠣᠯᠭᠠᠨ ᠪᠣᠯᠪᠠᠰᠤᠷᠠᠭᠤᠯᠤᠨ᠂ ᠪᠦᠭᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠵᠤ᠂ ᠡᠪᠡᠰᠦᠨ ᠤ ᠦᠷ᠎ᠡ ᠶᠢ | ᠥᠩᠭᠡᠯᠡᠵᠦ ᠡᠳ᠋ᠰᠢᠭᠦᠯᠦᠭᠰᠡᠨ ᠤ ᠳᠠᠷᠠᠭ᠎ᠠ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠲᠥᠷᠥᠯ ᠵᠦᠢᠯ ᠳᠤ ᠰᠢᠭᠤᠳ ᠬᠠᠩᠭᠠᠵᠤ᠂ ᠬᠤᠷᠴᠢᠨ ᠤ | ᠡᠯᠡᠰᠦᠷᠬᠡᠭ ᠭᠠᠵᠠᠷ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠳᠤ ᠴᠢᠬᠤᠯᠠ ᠦᠢᠯᠡᠳᠦᠯ ᠪᠠᠳᠠᠷᠠᠭᠤᠯᠵᠤ ᠪᠠᠶᠢᠨ᠎ᠠ᠃ | ᠣᠳᠣᠬᠠᠨ ᠳᠤ᠂ ᠬᠢᠩᠭᠠᠨ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠡᠪᠡᠰᠦ ᠪᠣᠷᠳᠤᠭ᠎ᠠ ᠳᠠᠷᠢᠬᠤ᠂ ᠪᠤᠯᠪᠠᠰᠤᠷᠠᠭᠤᠯᠬᠤ᠂ ᠪᠣᠷᠣᠯᠠᠭᠤᠯᠬᠤ ᠭᠤᠣᠯ | ᠴᠣᠭᠴᠠ 118 ᠪᠣᠯᠵᠤ ᠬᠥᠭᠵᠢᠨ᠂ ᠰᠤᠳᠤᠯᠤᠨ ᠨᠡᠭᠡᠭᠡᠬᠦ᠂ ᠳᠠᠷᠢᠬᠤ᠂ ᠪᠤᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠣᠲᠣ ᠦᠶ᠎ᠡ ᠶᠢᠨ | ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠵᠦ᠂ ᠨᠣᠮᠢᠨ ᠤᠰᠤ ᠬᠥᠬᠡᠮᠳᠦᠭ ᠠᠭᠤᠯᠠ ᠪᠠ ᠠᠯᠲᠠᠠ ᠠᠭᠤᠯᠠ ᠮᠥᠩᠭᠦᠨ | ᠬᠠᠶᠢᠷᠬᠠᠨ ᠤ ᠬᠤᠣᠰ ᠦᠷ᠎ᠡ ᠠᠰᠢᠭ ᠤᠨ ᠬᠥᠭᠵᠢᠯᠲᠡ ᠶᠢᠨ ᠵᠠᠮ ᠢ ᠰᠦᠪᠡᠭᠴᠢᠯᠡᠵᠦ ᠭᠠᠷᠭᠠᠭᠰᠠᠨ ᠪᠠᠶᠢᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠥᠪᠥᠷ ᠮᠣᠩᠭᠤᠯ ᠡᠯᠪᠡᠭ ᠪᠠᠶᠠᠯᠢᠭ ᠨᠤᠲᠤᠭ ᠪᠡᠯᠴᠢᠭᠡᠷ ᠤᠨ ᠡᠬᠢ ᠪᠠᠶᠠᠯᠢᠭ ᠲᠠᠭᠠᠨ ᠰᠠᠭᠤᠷᠢᠯᠠᠨ᠂ ᠡᠪᠡᠰᠦᠨ ᠤ ᠠᠵᠤ | ᠦᠢᠯᠡᠰ ᠤᠨ ᠬᠡᠯᠬᠢᠶ᠎ᠡ ᠶᠢ ᠪᠦᠭᠦ ᠣᠷᠣᠨ ᠤ 16 ᠵᠤᠷᠪᠤᠰ ᠭᠤᠣᠯᠳᠠᠯᠭ᠎ᠠ ᠲᠠᠢ ᠴᠣᠭᠴᠠᠯᠠᠬᠤ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠳᠤ | ᠣᠷᠣᠭᠤᠯᠤᠨ᠂ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢ ᠨᠡᠶᠢᠲᠡᠯᠡᠵᠦ᠂ | ᠡᠪᠡᠰᠦᠨ ᠤ ᠦᠷ᠎ᠡ ᠶᠢᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠬᠤ᠂ ᠡᠭᠦᠯᠳᠡᠷ ᠪᠣᠶᠢᠵᠢᠭᠤᠯᠵᠤ ᠰᠤᠳᠤᠯᠤᠨ ᠨᠡᠭᠡᠭᠡᠬᠦ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠳᠡᠮᠵᠢᠬᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠬᠦ | ᠂ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠬᠦ ᠵᠡᠷᠭᠡ 11 ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠡᠶᠢᠲᠡᠯᠡᠨ᠂ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠪᠡ᠃ 2023 ᠣᠨ ᠳᠤ᠂ ᠪᠦᠭᠦ ᠣᠷᠣᠨ ᠤ ᠡᠪᠡᠰᠦᠨ ᠤ ᠠᠵᠤ | ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ 802.1 ᠳ᠋ᠦᠩᠰᠢᠭᠤᠷ ᠲᠥᠭᠦᠷᠢᠭ ᠲᠤ ᠬᠦᠷᠴᠦ᠂ ᠲᠡᠵᠢᠭᠡᠯ ᠡᠪᠡᠰᠦᠨ ᠤ | ᠭᠠᠷᠤᠯᠲᠠ ᠪᠠ ᠦᠢᠯᠡᠳᠬᠦᠨ ᠤ ᠥᠷᠲᠡᠭ ᠨᠢ ᠴᠥᠮ ᠪᠦᠭᠦ ᠤᠯᠤᠰ ᠲᠤ ᠲᠦᠷᠦᠭᠦᠯᠡᠪᠡ᠃ ᠡᠪᠡᠰᠦᠨ ᠤ ᠠᠵᠤ ᠦᠢᠯᠡᠰ ᠪᠠᠰᠠ ᠰᠦ᠂ ᠦᠬᠡᠷ᠂ ᠬᠤᠨᠢ᠂ | ᠨᠣᠣᠯᠣᠭᠤᠷ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠤᠯᠭᠠᠭᠤᠷᠢᠯᠠᠵᠤ᠂ ᠪᠦᠭᠦ ᠣᠷᠣᠨ ᠳᠤ 5000 ᠳ᠋ᠦᠩᠰᠢᠭᠤᠷ | ᠲᠥᠭᠦᠷᠢᠭ ᠤᠨ ᠦᠢᠯᠡᠳᠬᠦᠨ ᠤ ᠥᠷᠲᠡᠭ ᠢ ᠠᠪᠴᠢᠷᠠᠭᠰᠠᠨ ᠪᠠᠶᠢᠨ᠎ᠠ᠃ 2024 ᠣᠨ ᠳᠤ᠂ ᠪᠦᠭᠦ ᠣᠷᠣᠨ ᠤ ᠣᠶ ᠰᠢᠭᠤᠢ ᠡᠪᠡᠰᠦᠨ ᠤ ᠠᠵᠤ ᠦᠢᠯᠡᠰ ᠤᠨ | ᠦᠢᠯᠡᠳᠬᠦᠨ ᠤ ᠶᠡᠷᠦᠩᠬᠡᠢ ᠥᠷᠲᠡᠭ 1000 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠪᠠ᠃ | ᠬᠥᠮᠥᠨ ᠬᠥᠬᠡᠮᠳᠦᠭ ᠠᠭᠤᠯᠠ ᠶᠢ ᠬᠥᠰᠡᠷᠳᠡᠭᠦᠯᠬᠦ ᠦᠭᠡᠢ ᠪᠣᠯ᠂ ᠬᠥᠬᠡᠮᠳᠦᠭ ᠠᠭᠤᠯᠠ ᠬᠥᠮᠥᠨ ᠢ ᠯᠠᠪ ᠬᠥᠰᠡᠷᠳᠡᠭᠦᠯᠬᠦ ᠦᠭᠡᠢ᠃ ᠨᠤᠲᠤᠭ ᠪᠡᠯᠴᠢᠭᠡᠷ ᠤᠨ | ᠦᠨ᠎ᠡ ᠦᠷᠳᠡᠭ ᠲᠤ ᠮᠥᠨ ᠬᠦ ᠭᠦᠨ ᠬᠤᠪᠢᠷᠠᠯᠲᠠ ᠭᠠᠷᠴᠤ᠂ ᠠᠮᠢ ᠠᠬᠤᠢ ᠶᠢᠨ ᠳᠠᠪᠠᠭᠤᠯᠢᠭ ᠴᠤ ᠤᠯᠠᠮ ᠲᠣᠪᠣᠶᠢᠮ᠎ᠠ ᠪᠣᠯᠵᠤ ᠪᠠᠶᠢᠨ᠎ᠠ᠃ | 5 ᠰᠠᠷ᠎ᠠ ᠶᠢᠨ ᠤᠷᠢᠨ ᠳᠤᠯᠠᠭᠠᠨ ᠠᠭᠤᠷ ᠠᠮᠢᠰᠬᠤᠯ ᠰᠠᠭᠠᠲᠠᠬᠤ ᠪᠠᠷ᠂ ︽ᠬᠤᠷᠸ᠎ᠠ ᠳᠤ ᠬᠤᠣᠰ ᠦᠭᠡᠢ ᠲᠣᠬᠤᠶᠢᠷᠠᠭᠰᠠᠨ ᠭᠤᠣᠯ︾ ᠬᠡᠮᠡᠨ ᠠᠯᠳᠠᠷᠰᠢᠭᠰᠠᠨ | ᠮᠡᠷᠭᠡᠯ ᠭᠤᠣᠯ ᠨᠢ ᠥᠷᠭᠡᠨ ᠠᠭᠤᠳᠠᠮ ᠲᠠᠯ᠎ᠠ ᠨᠤᠲᠤᠭ ᠤᠨ ᠢᠶᠠᠨ ᠳᠤᠮᠳᠠᠭᠤᠷ ᠤᠭᠠᠯᠵᠠᠯᠠᠨ ᠤᠷᠤᠰᠤᠨ᠎ᠠ᠃ ᠦᠵᠡᠮᠵᠢ ᠶᠢᠨ ᠣᠷᠣᠨ ᠤ ᠠᠵᠢᠯᠲᠠᠳ ᠰᠠᠭᠤᠷᠢ | ᠲᠥᠬᠦᠭᠡᠷᠦᠮᠵᠢ ᠶᠢ ᠰᠡᠯᠪᠢᠨ ᠵᠠᠰᠠᠬᠤ ᠪᠠ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠵᠤ᠂ 6 ᠰᠠᠷ᠎ᠠ ᠶᠢᠨ 1 ᠤ ᠡᠳᠦᠷ ᠡᠭᠦᠳᠡ ᠪᠠᠨ ᠨᠡᠭᠡᠭᠡᠵᠦ ᠵᠣᠴᠢᠨ | ᠤᠭᠲᠤᠬᠤ ᠳᠤ ᠪᠡᠯᠡᠳᠬᠡᠯ ᠬᠢᠵᠦ ᠶᠠᠭᠠᠷᠠᠯᠳᠤᠨ᠎ᠠ᠃ | ᠮᠠᠨ ᠤ ᠤᠯᠤᠰ ᠤᠨ ᠤᠮᠠᠷᠠᠲᠤ ᠶᠢᠨ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠲᠤ ᠣᠷᠣᠨ | ᠪᠣᠯᠤᠭᠰᠠᠨ ᠤ ᠬᠤᠪᠢ ᠳᠤ᠂ ᠥᠪᠥᠷ ᠮᠣᠩᠭᠤᠯ ᠳᠤ ᠬᠥᠯᠥᠨ ᠪᠤᠶᠢᠷ ᠤᠨ ᠲᠠᠯ᠎ᠠ ᠨᠤᠲᠤᠭ᠂ ᠰᠢᠯᠢ ᠶᠢᠨ ᠭᠤᠣᠯ ᠤᠨ ᠲᠠᠯ᠎ᠠ ᠨᠤᠲᠤᠭ᠂ ᠬᠤᠷᠴᠢᠨ ᠤ ᠲᠠᠯ᠎ᠠ ᠨᠤᠲᠤᠭ᠂ | ᠤᠯᠠᠭᠠᠨᠪᠤᠳᠤᠩ ᠤᠨ ᠲᠠᠯ᠎ᠠ ᠨᠤᠲᠤᠭ᠂ ᠣᠷᠳᠣᠰ ᠤᠨ ᠲᠠᠯ᠎ᠠ ᠨᠤᠲᠤᠭ ᠵᠡᠷᠭᠡ ᠣᠯᠠᠨ ᠲᠠᠯ᠎ᠠ ᠨᠤᠲᠤᠭ ᠲᠠᠢ ᠪᠠᠶᠢᠵᠤ᠂ ᠥᠷᠭᠡᠨ ᠤᠯᠠᠨ ᠵᠢᠭᠤᠯᠴᠢᠯᠠᠭᠴᠢ ᠶᠢᠨ | ᠠᠩᠬᠠᠷᠤᠯ ᠢ ᠲᠠᠲᠠᠵᠤ ᠪᠠᠶᠢᠨ᠎ᠠ᠃ | 2024 ᠣᠨ ᠳᠤ᠂ ᠥᠪᠥᠷ ᠮᠣᠩᠭᠤᠯ ᠵᠢᠭᠤᠯᠴᠢᠯᠠᠬᠰᠠᠳ ᠢ 2.73 ᠳ᠋ᠦᠩᠰᠢᠭᠤᠷ ᠬᠥᠮᠥᠨ ᠤᠳᠠᠭ᠎ᠠ ᠭᠥᠯᠢᠶᠡᠨ ᠠᠪᠴᠤ᠂ 4140 ᠳ᠋ᠦᠩᠰᠢᠭᠤᠷ | ᠲᠥᠭᠦᠷᠢᠭ ᠤᠨ ᠣᠷᠣᠯᠭ᠎ᠠ ᠡᠭᠦᠳᠪᠡ᠃ ᠲᠠᠯ᠎ᠠ ᠨᠤᠲᠤᠭ ᠤᠨ ᠮᠠᠯᠴᠢᠳ ᠢᠳᠡᠭᠡᠨ ᠤᠮᠳᠠᠭᠠᠨ᠂ ᠬᠤᠨᠤᠭ ᠪᠠᠭᠤᠳᠠᠯ᠂ ᠲᠣᠭᠤᠷᠢᠨ ᠰᠡᠯᠡᠭᠦᠴᠡᠬᠦ᠂ ᠰᠤᠳᠤᠯᠤᠨ | ᠰᠤᠷᠤᠯᠴᠠᠵᠤ ᠪᠡᠶᠡᠴᠢᠯᠡᠨ ᠣᠶᠢᠯᠠᠭᠠᠬᠤ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠤᠷᠤᠯᠳᠤᠭᠠᠨ ᠵᠡᠷᠭᠡ ᠡᠯ᠎ᠡ ᠭᠤᠭᠴᠤᠭ᠎ᠠ ᠶᠢ ᠭᠦᠨᠵᠡᠭᠡᠢ | ᠠᠭᠤᠰᠤᠯᠴᠠᠭᠤᠯᠵᠤ᠂ ᠮᠠᠯᠵᠢᠬᠤ ᠣᠷᠣᠨ ᠤ ᠬᠥᠭᠵᠢᠯᠲᠡ ᠶᠢᠨ ᠰᠢᠨ᠎ᠡ ᠦᠵᠡᠮᠵᠢ ᠶᠢ ᠵᠢᠷᠤᠭᠯᠠᠨ᠎ᠠ᠃ | ᠡᠭᠦᠨ ᠤ ᠬᠠᠮᠲᠤ᠂ ᠲᠡᠭᠷᠢ ᠶᠢᠨ ᠴᠢᠷᠠᠢ ᠶᠢ ᠬᠠᠷᠠᠵᠤ ᠮᠠᠯ ᠮᠠᠯᠵᠢᠵᠤ ᠪᠠᠶᠢᠭᠰᠠᠨ ᠮᠠᠯᠴᠢᠳ ︽ᠨᠤᠲᠤᠭ ᠪᠡᠯᠴᠢᠭᠡᠷ +︾ ᠵᠠᠭᠪᠤᠷ ᠢ ᠠᠰᠢᠭᠯᠠᠵᠤ᠂ | ᠰᠦᠯᠵᠢᠶ᠎ᠡ ᠪᠠᠷ ᠳᠠᠮᠵᠢᠨ ᠮᠠᠯᠵᠢᠬᠤ ᠣᠷᠣᠨ ᠤ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠨ᠎ᠡ᠃ ᠰᠦᠯᠵᠢᠶᠡᠨ ᠨᠡᠷᠡᠲᠦ ᠤᠳᠤᠨ ᠮᠠᠯᠴᠢᠨ ᠳ᠋ᠠᠰᠢ | ᠥᠪᠡᠷ ᠤᠨ ᠵᠠᠭᠤᠴᠢᠯᠠᠭᠤᠷ ᠤᠨ ᠲᠠᠪᠴᠠᠩ ᠢᠶᠠᠷ ᠢᠶᠠᠨ ᠳᠠᠮᠵᠢᠨ ᠲᠠᠯ᠎ᠠ ᠨᠤᠲᠤᠭ ᠤᠨ ᠠᠮᠢᠳᠤᠷᠠᠯ ᠢᠶᠠᠨ ᠤᠯᠠᠨ ᠲᠠᠢ ᠬᠤᠪᠢᠶᠠᠯᠴᠠᠵᠤ᠂ ᠲᠠᠯ᠎ᠠ ᠨᠤᠲᠤᠭ ᠤᠨ | ᠰᠣᠶᠣᠯ ᠢᠶᠠᠨ ᠤᠬᠠᠭᠤᠯᠤᠨ᠂ ᠤᠯᠠᠨ ᠤ ᠠᠩᠬᠠᠷᠤᠯ ᠢ ᠶᠡᠭᠡ ᠪᠠᠷ ᠲᠠᠲᠠᠵᠤ᠂ ᠪᠦᠷᠢᠳᠬᠡᠯ ᠢ ᠦᠨᠳᠦᠰᠦᠯᠡᠪᠡᠯ ᠰᠢᠭᠤᠳ ᠨᠡᠪᠲᠡᠷᠡᠭᠦᠯᠭᠡ ᠪᠠᠷ ᠥᠪᠥᠷ ᠮᠣᠩᠭᠤᠯ ᠤᠨ | ᠣᠨᠴᠠ ᠭᠠᠷᠤᠯᠲᠠ ᠶᠢ ᠪᠣᠷᠣᠯᠠᠭᠤᠯᠤᠭᠰᠠᠨ ᠬᠡᠮᠵᠢᠶ᠎ᠡ 1 ᠳ᠋ᠦᠩᠰᠢᠭᠤᠷ ᠲᠥᠭᠦᠷᠢᠭ ᠢ ᠳᠠᠪᠠᠪᠠ᠃ ᠪᠠᠷᠠᠭᠤᠨ ᠦᠵᠦᠮᠦᠴᠢᠨ ᠬᠤᠰᠢᠭᠤᠨ ᠤ ᠮᠠᠯᠴᠢᠨ ᠤᠶᠠᠩᠭ᠎ᠠ᠂ | ᠣᠬᠤᠷ ᠸᠢᠳᠢᠤ᠋ ᠪᠠᠷ ᠲᠠᠯ᠎ᠠ ᠨᠤᠲᠤᠭ ᠤᠨ ᠳᠥᠷᠪᠡᠨ ᠤᠯᠠᠷᠢᠯ ᠤᠨ ᠬᠤᠪᠢᠷᠠᠯᠲᠠ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠲᠡᠮᠳᠡᠭᠯᠡᠵᠦ᠂ ᠰᠢᠭᠤᠳ | ᠨᠡᠪᠲᠡᠷᠡᠭᠦᠯᠭᠡ ᠶᠢᠨ ᠲᠠᠰᠤᠭ ᠤᠨ ︽ᠤᠷᠤᠰᠴᠠ︾ ᠶᠢ ᠲᠠᠯ᠎ᠠ ᠨᠤᠲᠤᠭ ᠤᠨ ︽ᠤᠷᠤᠰᠴᠠ︾ ᠪᠣᠯᠭᠠᠨ ᠬᠤᠪᠢᠷᠠᠭᠤᠯᠪᠠ ᠁ | ᠨᠣᠮᠢᠨ ᠤᠰᠤ ᠬᠥᠬᠡᠮᠳᠦᠭ ᠠᠭᠤᠯᠠ ᠠᠴᠠ ᠬᠥᠭᠵᠢᠯᠲᠡ ᠶᠢᠨ ᠵᠠᠮ ᠬᠠᠶᠢᠵᠤ᠂ ᠨᠤᠲᠤᠭ ᠪᠡᠯᠴᠢᠭᠡᠷ ᠡᠳᠦᠷ ᠢᠷᠡᠬᠦᠶ᠎ᠡ ᠬᠥᠭᠵᠢᠯᠲᠡ ᠶᠢᠨ ᠰᠢᠨ᠎ᠡ ᠬᠥᠳᠡᠯᠭᠡᠬᠦ | ᠬᠦᠴᠦᠨ ᠪᠣᠯᠵᠤ᠂ ᠪᠣᠬᠢᠷᠳᠤᠯ ᠦᠭᠡᠢ ᠬᠥᠭᠵᠢᠯᠲᠡ ᠳᠤ ᠲᠣᠯᠢᠳᠠᠵᠤ ᠪᠣᠯᠬᠤᠶᠢᠴᠠ᠂ ᠬᠠᠭᠤᠯᠪᠤᠷᠢᠯᠠᠵᠤ ᠪᠣᠯᠬᠤᠶᠢᠴᠠ ᠲᠤᠷᠰᠢᠯᠭ᠎ᠠ ᠬᠠᠩᠭᠠᠨ᠎ᠠ᠃ | ᠨᠤᠲᠤᠭ ᠪᠡᠯᠴᠢᠭᠡᠷ᠂ ᠡᠨᠡ ᠬᠦ ᠥᠪᠥᠷ ᠮᠣᠩᠭᠤᠯ ᠤᠨ ᠪᠣᠬᠢᠷᠳᠤᠯ ᠦᠭᠡᠢ ᠠᠮᠢ ᠠᠬᠤᠢ ᠶᠢᠨ ᠨᠡᠷ᠎ᠡ ᠶᠢᠨ ᠬᠠᠭᠤᠳᠠᠰᠤ ᠨᠢ ᠡᠳᠦᠷ ᠢᠷᠡᠬᠦᠶ᠎ᠡ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢᠨ ᠨᠡᠷ᠎ᠡ ᠶᠢᠨ ᠬᠠᠭᠤᠳᠠᠰᠤ ᠪᠣᠯᠵᠤ ᠡᠷᠴᠢᠮᠲᠡᠢ ᠬᠥᠭᠵᠢᠵᠦ ᠪᠠᠶᠢᠨ᠎ᠠ᠃ | |