ᠳᠠᠯᠠᠳ ᠬᠤᠰᠢᠭᠤ᠄ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠲᠦᠷᠭᠡᠳᠬᠡᠨ ᠠᠬᠢᠭᠤᠯᠵᠤ ᠠᠮᠢ ᠠᠬᠤᠶ ᠶᠢᠨ ᠨᠣᠭᠤᠭᠠᠷᠠᠭᠤᠯᠤᠯᠲᠠ ᠶᠢᠨ ᠱᠤᠭᠤᠮ ᠢ ᠦᠷᠭᠦᠯᠵᠢᠯᠡᠨ ᠤᠷᠲᠤᠳᠬᠠᠪᠠ
ᠨᠡᠶᠢᠲᠡᠯᠡᠭᠰᠡᠨ ᠴᠠᠭ᠄
2025/5/19
    ᠬᠠᠲᠤᠨ ᠭᠤᠣᠯ ᠤᠨ ᠵᠢᠢ ᠽᠢ ᠸᠠᠨ  ᠨᠢ ᠳᠠᠯᠠᠳ ᠬᠤᠰᠢᠭᠤᠨ ᠳᠤ ᠪᠠᠶᠢᠷᠢᠰᠢᠵᠤ ︽ᠤᠯᠤᠰ ᠤᠨ ᠶᠡᠭᠡ ᠶᠠᠪᠤᠳᠠᠯ︾ ᠢ ᠪᠤᠳᠤᠵᠤ᠂ ︽ᠡᠯᠡᠰᠦ ᠶᠢ ᠵᠠᠰᠠᠬᠤ ᠵᠣᠷᠢᠭ ᠰᠠᠨᠠᠭ᠎ᠠ︾ ᠶᠢ ᠤᠯᠠᠮᠵᠢᠯᠠᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠲᠦᠷᠭᠡᠳᠬᠡᠨ ᠠᠬᠢᠭᠤᠯᠵᠤ᠂ ᠠᠮᠢ ᠠᠬᠤᠢ ᠶᠢᠨ ᠨᠣᠭᠤᠭᠠᠨ ᠱᠤᠭᠤᠮ ᠢ ᠦᠷᠭᠦᠯᠵᠢᠯᠡᠨ ᠤᠷᠲᠤᠳᠬᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠨ᠎ᠠ᠃
达拉特旗:加速推进防沙治沙工作 持续延伸生态绿线.jpg
    5 ᠰᠠᠷ᠎ᠠ ᠨᠢ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠾᠧᠢ ᠯᠠᠢ ᠭᠧᠦ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠬᠦ ᠳᠤ᠂ ᠡᠯᠡᠰᠦ ᠶᠢ ᠵᠠᠰᠠᠬᠤ 1000 ᠭᠠᠷᠤᠢ ᠠᠵᠢᠯᠴᠢᠨ ᠶᠠᠭ ᠰᠦᠷ ᠳᠠᠯᠠᠶᠢᠴᠠᠲᠠᠢ ᠬᠠᠮᠵᠢᠯᠴᠠᠵᠦ᠂ ᠰᠠᠯᠬᠢ ᠡᠯᠡᠰᠦ ᠶᠢ ᠡᠰᠡᠷᠭᠦᠴᠡᠬᠦ ︽ᠠᠮᠢ ᠠᠬᠤᠢ ᠶᠢᠨ ᠬᠤᠶᠠᠭ︾ ᠢ ᠨᠡᠬᠡᠵᠦ ᠪᠠᠶᠢᠨ᠎ᠠ᠃ ᠥᠨᠳᠥᠷ ᠣᠭᠳᠠᠷᠭᠤᠢ ᠠᠴᠠ ᠳᠣᠭᠤᠭᠰᠢ ᠬᠠᠷᠠᠭᠰᠠᠨ ᠡᠯᠡᠰᠦᠨ ᠳᠣᠪᠤ ᠳᠡᠭᠡᠷ᠎ᠡ᠂ ᠲᠡᠭᠡᠭᠡᠪᠦᠷᠢ ᠶᠢᠨ ᠮᠠᠰᠢᠨ ᠲᠡᠷᠭᠡ ᠨᠠᠭᠠᠰᠢ ᠴᠠᠭᠠᠰᠢ ᠰᠦᠯᠵᠢᠯᠳᠦᠵᠦ᠂ ᠳᠦᠭᠦᠷᠡᠩ ᠠᠴᠢᠭᠰᠠᠨ ᠪᠤᠷᠭᠠᠰᠤᠨ ᠨᠠᠮᠠᠭ᠎ᠠ ᠠᠵᠢᠯᠯᠠᠬᠤ ᠲᠣᠭᠤᠷᠢᠭ ᠲᠤ ᠪᠠᠭᠤᠵᠤ᠂ ᠠᠵᠢᠯᠴᠢᠳ ᠨᠡᠯᠢᠶᠡᠳ ᠣᠯᠠᠨ ᠵᠢᠵᠢᠭ ᠠᠩᠭᠢ ᠪᠣᠯᠵᠤ᠂ ᠡᠯᠡᠰᠦᠷᠬᠡᠭ ᠭᠠᠵᠠᠷ ᠲᠤ ᠰᠡᠳᠬᠢᠯ ᠨᠢᠭᠡᠳᠦᠨ ᠬᠠᠮᠵᠢᠯᠴᠠᠵᠤ᠂ ᠱᠤᠭᠤᠮ ᠲᠠᠲᠠᠵᠤ ᠪᠠᠶᠢᠷᠢ ᠲᠣᠭᠲᠠᠭᠠᠨ᠂ ᠡᠯᠡᠰᠦᠨ ᠬᠠᠯᠬᠠᠪᠴᠢ ᠰᠠᠭᠤᠯᠭᠠᠨ ᠵᠠᠶᠢᠯᠠᠵᠤ᠂ ᠲᠣᠣᠷ ᠬᠡᠯᠪᠡᠷᠢᠲᠦ ᠪᠦᠷᠢᠯᠳᠦᠭᠰᠡᠨ ᠪᠠᠶᠢᠨ᠎ᠠ᠃ ᠠᠵᠢᠯᠴᠢᠳ ᠡᠯᠡᠰᠤᠨ ᠬᠠᠯᠬᠠᠪᠴᠢ ᠳᠣᠣᠷ᠎ᠠ ᠠᠭᠠᠵᠢᠮ ᠢᠶᠠᠷ ᠡᠯᠡᠰᠦᠨ ᠴᠦᠯ ᠳᠤᠮᠳᠠ ᠳᠡᠯᠭᠡᠷᠡᠭᠰᠡᠨ ᠨᠢ ᠶᠠᠭ ᠯᠠ ᠡᠯᠡᠰᠤᠨ ᠳᠣᠪᠤ ᠳᠤ ᠨᠢᠭᠡ ᠳᠠᠪᠬᠤᠷ ᠰᠡᠷᠭᠡᠶᠢᠯᠡᠨ ᠬᠠᠮᠠᠭᠠᠯᠠᠬᠤ ᠲᠣᠣᠷ ᠨᠥᠮᠥᠷᠦᠭᠰᠡᠨ ᠰᠢᠭ ᠬᠠᠷᠠᠭᠳᠠᠨ᠎ᠠ᠃    ᠾᠸᠢ ᠯᠠᠢ ᠭᠧᠦ ᠠᠮᠢ ᠠᠬᠤᠢ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠪᠣᠯ 2025 ᠣᠨ ᠤ ᠳᠠᠯᠠᠳ ᠬᠤᠰᠢᠭᠤᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠨᠢᠭᠡ ᠪᠣᠯᠤᠨ᠎ᠠ᠃ ᠤᠢᠢᠷ᠎ᠠ ᠶᠢᠨ ᠵᠢᠯ ᠠᠴᠠ᠂ ᠲᠠᠯᠠᠳ ᠬᠤᠰᠢᠭᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ︽ᠠᠭᠤᠯᠠ ᠤᠰᠤ᠂ ᠤᠢ ᠰᠢᠭᠤᠢ  ᠂  ᠲᠠᠷᠢᠶᠠᠨ ᠭᠠᠵᠠᠷ  ᠂  ᠨᠠᠭᠤᠷ  ᠂  ᠡᠪᠡᠰᠦ  ᠂  ᠡᠯᠡᠰᠦ︾ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠢᠨᠵᠧᠨᠧᠷᠢᠩ ᠤᠨ ᠡᠯᠡᠰᠦ ᠶᠢ ᠵᠠᠰᠠᠬᠤ ᠶᠢ ᠢᠳᠡᠪᠬᠢᠲᠡᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠯᠡᠰᠦ ᠶᠢ ᠵᠠᠰᠠᠬᠤ ᠶᠢ ᠴᠢᠩᠭᠠᠳᠬᠠᠵᠤ᠂ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠶᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠵᠠᠮ ᠢᠶᠠᠷ ᠡᠯᠡᠰᠦ ᠶᠢ ᠵᠠᠰᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠬᠢᠵᠢᠭᠦᠯᠬᠦ ᠳᠤ ᠳᠠᠯᠠᠳ ᠤᠨ ᠬᠦᠴᠦᠨ ᠴᠢᠳᠠᠯ ᠢᠶᠠᠨ   ᠡᠷᠭᠦᠪᠡ᠃    ᠳᠤᠮᠳᠠᠳᠤ ᠤᠯᠤᠰ ᠤᠨ ᠡᠨᠧᠷᠭᠢ ᠠᠷᠪᠢᠯᠠᠬᠤ ᠨᠡᠷᠡᠨ ᠤ ᠡᠨᠧᠷᠭᠢ ᠶᠢᠨ ᠳᠠᠯᠠᠳ ᠬᠤᠰᠢᠭᠤᠨ ᠤ 50 ᠲᠦᠮᠡᠨ ᠺᠢᠯᠣᠸᠠᠲ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠡᠷᠡᠯ ᠴᠡᠨᠡᠭ ᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠲᠣᠭᠤᠷᠢᠭ ᠲᠤ ᠬᠦᠷᠬᠦ ᠳᠤ᠂ ᠲᠤᠬᠠᠶ ᠶᠢᠨ ᠲᠠᠯᠠᠪᠠᠶ ᠳᠤ ᠪᠠᠰᠠ ᠨᠢᠭᠡᠨ ᠶᠠᠭᠠᠷᠠᠯᠲᠠᠶ ᠪᠠᠶᠢᠳᠠᠯ ᠢᠯᠡᠷᠡᠵᠦ ᠪᠠᠶᠢᠨ᠎ᠠ᠄ ᠪᠠᠷᠢᠯᠭ᠎ᠠ ᠶᠢᠨ ᠮᠠᠰᠢᠨ ᠮᠧᠬᠠᠨᠢᠭ ᠤᠨ ᠳᠠᠭᠤᠨ ᠬᠦᠩᠭᠢᠨᠡᠵᠦ᠂ ᠪᠠᠷᠢᠯᠭ᠎ᠠ ᠶᠢᠨ ᠠᠵᠢᠯᠲᠠᠳ ᠪᠠᠴᠢᠮ ᠶᠠᠭᠠᠷᠠᠯᠲᠠᠶ ᠡᠮᠬᠢ ᠵᠢᠷᠤᠮ ᠲᠠᠢ ᠪᠠᠷ ᠪᠠᠷᠢᠯᠭ᠎ᠠ ᠶᠢᠨ ᠠᠵᠢᠯ ᠳᠤᠮᠳᠠ᠂ ᠲᠥᠷᠥᠯ ᠵᠦᠢᠯ ᠤᠨ ᠳᠠᠷᠤᠯᠲᠠ ᠶᠢ ᠳᠡᠭᠡᠭᠰᠢᠯᠡᠭᠦᠯᠬᠦ ᠥᠷᠲᠡᠭᠡ᠂ ᠬᠡᠷᠡᠯ ᠴᠡᠨᠡᠭ ᠤᠨ ᠪᠠᠭᠠᠨ᠎ᠠ ᠶᠢᠨ ᠰᠠᠭᠤᠷᠢ ᠪᠠ ᠣᠨᠳᠣᠤ ᠭᠠᠵᠠᠷ ᠤᠨ ᠵᠠᠰᠠᠯᠲᠠ ᠶᠢᠨ ᠢᠨᠵᠧᠨᠧᠷᠢᠩ ᠢ ᠶᠠᠭ ᠲᠦᠷᠭᠡᠳᠬᠡᠨ ᠠᠬᠢᠭᠤᠯᠵᠤ ᠪᠠᠶᠢᠨ᠎ᠠ᠃    ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 21 ᠳ᠋ᠦᠩᠰᠢᠭᠤᠷ ᠲᠥᠭᠦᠷᠢᠭ ᠪᠠᠶᠢᠵᠤ᠂ 50 ᠲᠦᠮᠡᠨ ᠺᠢᠯᠣᠸᠠᠲ ᠤᠨ ᠴᠡᠪᠡᠷ ᠡᠨᠧᠷᠭᠢ ᠪᠣᠯᠤᠨ 75 ᠰᠠᠶ᠎ᠠ ᠺᠢᠯᠣᠸᠠᠲ ᠤᠨ ᠡᠨᠧᠷᠭᠢ ᠬᠠᠳᠠᠭᠠᠯᠠᠬᠤ ᠰᠢᠰᠲ᠋ᠧᠮ ᠢ ᠴᠦᠯᠯᠡᠷᠭᠡᠭᠵᠢᠯ ᠳᠤ ᠠᠭᠤᠰᠬᠠᠨ ᠣᠷᠣᠭᠤᠯᠵᠤ᠂ ᠰᠢᠨ᠎ᠡ ᠡᠨᠧᠷᠭᠢ ᠪᠣᠯᠤᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠶᠢ ᠤᠶᠠᠯᠳᠤᠭᠤᠯᠬᠤ ᠵᠠᠭᠪᠤᠷ ᠢ ᠬᠡᠷᠡᠭᠯᠡᠨ᠂ ᠡᠯᠡᠰᠦᠷᠬᠡᠭ ᠭᠠᠵᠠᠷ ᠤᠨ ᠠᠮᠢ ᠠᠬᠤᠶ ᠶᠢ ᠪᠦᠲᠦᠮᠵᠢᠲᠡᠶ ᠰᠠᠶᠢᠵᠢᠷᠠᠭᠤᠯᠵᠤ᠂ ᠬᠥᠷᠥᠰᠥ ᠰᠢᠷᠣᠶ ᠶᠢᠨ ᠢᠳᠡᠭᠳᠡᠯ ᠢ ᠪᠠᠭᠠᠰᠬᠠᠨ᠂ ᠵᠢᠯ ᠪᠦᠷᠢ ᠪᠠᠰᠠ 8.5 ᠳ᠋ᠦᠩᠰᠢᠭᠤᠷ ᠺᠢᠯᠣᠸᠠᠲ ᠴᠠᠭ ᠤᠨ ᠴᠡᠪᠡᠷ ᠴᠠᠬᠢᠯᠭᠠᠨ ᠡᠨᠧᠷᠭᠢ ᠬᠠᠩᠭᠠᠵᠤ᠂ 26 ᠲᠦᠮᠡᠨ ᠲᠣᠨ ᠪᠠᠷᠢᠮᠵᠢᠶᠠᠲᠤ ᠨᠡᠭᠦᠷᠡᠰᠦ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 72 ᠲᠦᠮᠡᠨ ᠲᠣᠨ ᠪᠠᠭᠠᠰᠬᠠᠨ᠎ᠠ᠃    ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠣᠯ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠤᠨ᠎ᠠ᠃ ᠡᠨᠡ ᠵᠢᠯ ᠠᠴᠠ ᠨᠠᠭᠠᠰᠢ᠂ ᠳᠠᠯᠠᠳ ᠬᠤᠰᠢᠭᠤᠨ ᠤ ᠤᠶᠢᠯᠡᠴᠢᠯᠡᠭᠡᠨ ᠤ ᠪᠠᠲᠤᠯᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ  ᠵᠦᠢᠯ ᠤᠨ ᠲᠣᠬᠢᠷᠠᠭᠤᠯᠤᠯᠲᠠ ᠶᠢ ᠴᠢᠩᠭᠠᠳᠬᠠᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ︽ᠬᠤᠷᠳᠤᠴᠠ ᠪᠠᠨ ᠨᠡᠮᠡᠭᠳᠡᠭᠦᠯᠬᠦ︾ ᠳᠠᠷᠤᠪᠴᠢ ᠶᠢ ᠳᠠᠷᠤᠪᠠ᠃ ᠬᠠᠷ᠎ᠠ ᠭᠤᠤ ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ᠂ ᠳᠤᠮᠳᠠᠳᠤ ᠤᠯᠤᠰ ᠤᠨ ᠡᠨᠧᠷᠭᠢ ᠠᠷᠪᠢᠯᠠᠬᠤ ᠨᠡᠷᠡᠨ ᠡᠨᠧᠷᠭᠢ ᠶᠢᠨ ᠳᠠᠯᠠᠳ ᠬᠤᠰᠢᠭᠤᠨ ᠤ 50 ᠲᠦᠮᠡᠨ ᠺᠢᠯᠣᠸᠠᠲ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠡᠷᠡᠯ ᠴᠡᠨᠡᠭ ᠢ ᠨᠢᠭᠡ ᠴᠤᠭᠴᠠᠵᠢᠭᠤᠯᠤᠭᠰᠠᠨ ᠲᠥᠷᠥᠯ ᠵᠦᠢᠯ ᠢ ᠭᠠᠷᠭᠠᠪᠠᠯ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠣᠶ ᠰᠢᠭᠤᠶ ᠡᠪᠡᠰᠦ ᠪᠡᠯᠴᠢᠭᠡᠷ ᠤᠨ ᠨᠤᠭᠤ ᠭᠠᠵᠠᠷ ᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠲᠥᠷᠥᠯ  ᠵᠦᠢᠯ ᠂ ᠪᠠᠶᠠᠨ ᠠᠴᠠ ᠫᠦ᠋ ᠭᠧ ᠪᠦ᠋ ᠬᠦᠷᠬᠦ ᠡᠯᠡᠰᠦ ᠨᠡᠪᠲᠡᠯᠬᠦ ᠵᠠᠰᠠᠮᠠᠯ ᠵᠠᠮ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠳᠠᠯᠠᠳ ᠬᠤᠰᠢᠭᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ 50 ᠲᠦᠮᠡᠨ ᠺᠢᠯᠣᠸᠠᠲ ᠤᠨ ᠬᠡᠷᠡᠯ ᠴᠡᠨᠡᠭ ᠤᠨ ᠨᠢᠭᠡ ᠴᠤᠭᠴᠠᠵᠢᠭᠤᠯᠤᠭᠰᠠᠨ ᠨᠢᠭᠡᠳᠦᠭᠡᠷ ᠬᠤᠭᠤᠴᠠᠭᠠᠨ ᠤ ᠲᠥᠷᠥᠯ  ᠵᠦᠢᠯ ᠵᠡᠷᠭᠡ ᠨᠢᠭᠡ ᠪᠦᠯᠦᠭ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠭᠤᠤᠯᠳᠠᠯᠭ᠎ᠠ ᠲᠠᠢ ᠲᠥᠷᠥᠯ  ᠵᠦᠢᠯ ᠢ ᠴᠦ ᠲᠦᠷᠭᠡᠳᠬᠡᠨ ᠪᠠᠶᠢᠭᠤᠯᠵᠤ ᠪᠠᠶᠢᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ᠂ ᠳᠠᠯᠠᠳ ᠬᠤᠰᠢᠭᠤ ᠪᠠᠰᠠ ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾᠂ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠵᠡᠷᠭᠡ ᠤᠷᠮᠠᠰᠢᠭᠤᠯᠬᠤ ᠲᠣᠭᠲᠠᠴᠠ ᠶᠢ ᠶᠡᠭᠡ ᠪᠠᠷ ᠬᠡᠷᠡᠭᠵᠢᠭᠦᠯᠵᠦ᠂ ᠮᠠᠯᠴᠢᠨ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠳᠤ ᠢᠳᠡᠪᠬᠢᠲᠡᠶ ᠣᠷᠣᠯᠴᠠᠭᠤᠯᠵᠤ᠂ ᠣᠷᠣᠯᠭ᠎ᠠ ᠶᠢ ᠨᠡᠮᠡᠭᠳᠡᠭᠦᠯᠦᠨ᠂ ᠠᠵᠤ ᠠᠬᠤᠶ ᠶᠢᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠪᠡ᠃     ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢᠨ ᠨᠣᠷᠮ᠎ᠠ ᠶᠢ 2000 ᠣᠨ ᠤ 17% ᠪᠠᠶᠢᠭᠰᠠᠨ ᠠᠴᠠ 58.6% ᠪᠣᠯᠭᠠᠨ ᠳᠡᠭᠡᠭᠰᠢᠯᠡᠭᠦᠯᠵᠦ᠂ ᠬᠥᠪᠴᠢ ᠶᠢᠨ ᠡᠯᠡᠰᠦᠨ ᠤ ᠵᠠᠰᠠᠯᠲᠠ ᠶᠢᠨ ᠨᠣᠷᠮ᠎ᠠ ᠶᠢ 2000 ᠣᠨ ᠤ 61% ᠪᠠᠶᠢᠭᠰᠠᠨ ᠠᠴᠠ 80% ᠪᠣᠯᠭᠠᠨ ᠳᠡᠭᠡᠭᠰᠢᠯᠡᠭᠦᠯᠵᠦ᠂ ᠠᠮᠢ ᠠᠬᠤᠶ ᠶᠢᠨ ᠨᠣᠭᠤᠭᠠᠨ ᠱᠤᠭᠤᠮ ᠲᠠᠰᠤᠷᠠᠯᠲᠠ ᠥᠬᠡᠶ ᠥᠷᠭᠡᠳᠬᠡᠪᠡ᠃ ᠳᠠᠯᠠᠳ ᠬᠤᠰᠢᠭᠤ ᠡᠷᠡᠰ ᠪᠠᠲᠤ ᠠᠯᠬᠤᠭ᠎ᠠ ᠪᠠᠷ ᠠᠮᠢ ᠠᠬᠤᠶ ᠪᠣᠯᠤᠨ ᠬᠥᠭᠵᠢᠯᠲᠡ ᠶᠢᠨ ᠬᠠᠮᠲᠤ ᠪᠠᠷ ᠠᠰᠢᠭ ᠭᠥᠷᠳᠡᠬᠦ ᠬᠠᠷᠠᠯᠲᠠ ᠲᠡᠶᠢᠰᠢ ᠤᠷᠤᠭᠰᠢᠯᠠᠵᠤ᠂ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠵᠢᠷᠤᠭ ᠶᠠᠭ ᠡᠨᠡ ᠬᠦ ᠭᠠᠵᠠᠷ ᠳᠡᠭᠡᠷ᠎ᠡ ᠠᠭᠠᠵᠢᠮ ᠢᠶᠠᠷ ᠳᠡᠯᠭᠡᠭᠳᠡᠵᠦ ᠪᠠᠶᠢᠨ᠎ᠠ᠃ 
ᠢᠷᠡᠯᠲᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ