ᠳᠠᠯᠠᠳ ᠬᠤᠰᠢᠭᠤ ᠯᠦᠸᠧ ᠺᠧ ᠺᠧ ᠪᠦᠯᠦᠭᠯᠡᠯ ᠲᠠᠢ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2025/5/20
      5 ᠰᠠᠷ᠎ᠠ ᠶᠢᠨ 13 ᠤ ᠡᠳᠤᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠫᠢᠩ ᠯᠦᠸᠧ ᠺᠧ ᠺᠧ ᠪᠡᠭᠡᠵᠢᠩ ᠤᠨ ᠪᠦᠯᠦᠭᠯᠡᠯ ᠤᠨ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠯ ᠴᠧᠨ ᠪᠢᠩ ᠨᠠᠷ ᠲᠠᠢ ᠰᠠᠨᠠᠯ ᠢᠶᠠᠨ ᠰᠣᠯᠢᠯᠴᠠᠬᠤ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠰᠣᠶᠣᠯ ᠵᠤᠭᠠᠴᠠᠯ ᠤᠨ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠳᠠᠯᠠᠳ ᠬᠤᠰᠢᠭᠤᠨ ᠤ ᠰᠣᠶᠣᠯ ᠵᠤᠭᠠᠴᠠᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃
达拉特旗与洛可可集团举行座谈(蒙古文).jpg
      ᠶᠠᠷᠢᠯᠴᠠᠬᠤ ᠬᠤᠷᠠᠯ ᠳᠡᠭᠡᠷ᠎ᠡ᠂ ᠸᠠᠩ ᠰᠢᠶᠤᠤ ᠫᠢᠩ ᠴᠧᠨ ᠪᠢᠩ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠳᠠᠯᠠᠳ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠪᠣᠯᠤᠨ ᠳᠠᠪᠠᠭᠤᠯᠢᠭ ᠡᠬᠢ ᠪᠠᠶᠠᠯᠢᠭ ᠢ ᠲᠠᠨᠢᠯᠴᠠᠭᠤᠯᠪᠠ᠃ ᠸᠠᠩ ᠰᠢᠶᠤᠤ ᠫᠢᠩ᠂ ᠳᠠᠯᠠᠳ ᠬᠤᠰᠢᠭᠤ ︽ᠰᠣᠶᠣᠯ ᠵᠢᠭᠤᠯᠴᠢᠯᠠᠯ ᠢᠶᠠᠷ ᠬᠤᠰᠢᠭᠤ ᠪᠠᠨ ᠬᠦᠴᠦᠷᠬᠡᠭᠵᠢᠭᠦᠯᠵᠦ ᠠᠷᠠᠳ ᠢᠶᠠᠨ ᠪᠠᠶᠠᠵᠢᠭᠤᠯᠬᠤ︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠳᠡᠯᠡᠬᠡᠢ ᠶᠢᠨ ᠲᠡᠰ ᠤᠨ ᠲᠣᠭᠤᠷᠢᠨ ᠵᠤᠭᠠᠴᠠᠬᠤ ᠪᠠ ᠰᠡᠯᠡᠭᠦᠴᠡᠨ ᠠᠮᠠᠷᠠᠬᠤ ᠭᠠᠵᠠᠷ ᠢ ᠬᠦᠴᠦᠯᠡᠨ ᠪᠠᠶᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠰᠢᠨ᠎ᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢ ᠠᠵᠤ ᠦᠢᠯᠡᠰ᠂ ᠠᠷᠠᠳ ᠤᠨ ᠠᠮᠢᠳᠤᠷᠠᠯ ᠤᠨ ᠠᠵᠤ ᠦᠢᠯᠡᠰ ᠪᠣᠯᠤᠨ ᠵᠣᠯ ᠵᠢᠷᠭᠠᠯᠲᠤ ᠠᠵᠤ ᠦᠢᠯᠡᠰ ᠪᠣᠯᠭᠠᠬᠤ ᠪᠠᠷ ᠬᠦᠴᠦᠯᠡᠨ ᠴᠢᠷᠮᠠᠶᠢᠨ᠎ᠠ ᠭᠡᠵᠦ ᠢᠯᠡᠳᠬᠡᠪᠡ᠃ ᠯᠦᠸᠧ ᠺᠧ ᠺᠧ ᠪᠦᠯᠦᠭᠯᠡᠯ ᠡᠯᠡᠰᠦᠨ ᠴᠦᠯ ᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠨᠡᠯᠢᠶᠡᠳ ᠠᠮᠵᠢᠯᠲᠠ ᠣᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠪᠠᠶᠢᠵᠤ᠂ ᠮᠠᠨ ᠤ ᠬᠤᠰᠢᠭᠤᠨ ᠤ ᠡᠯᠡᠰᠦᠨ ᠴᠦᠯ ᠤᠨ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠳᠤ ᠯᠠᠪᠯᠠᠯᠲᠠ ᠪᠣᠯᠭᠠᠨ ᠰᠤᠷᠤᠯᠴᠠᠭᠤᠰᠢᠲᠠᠢ ᠭᠠᠵᠠᠷ ᠪᠠᠶᠢᠨ᠎ᠠ᠃ ᠬᠤᠶᠠᠷ ᠲᠠᠯ᠎ᠠ ᠪᠠᠷ ᠢᠶᠠᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠬᠠᠮᠲᠤᠷᠠᠯᠴᠠᠭ᠎ᠠ ᠪᠠᠷ ᠬᠠᠮᠲᠤ ᠪᠠᠷ ᠠᠰᠢᠭ ᠭᠥᠷᠳᠡᠬᠦ ᠵᠠᠭᠪᠤᠷ ᠢ ᠬᠠᠶᠢᠨ ᠰᠦᠪᠡᠭᠴᠢᠯᠡᠵᠦ᠂ ᠡᠬᠢ ᠪᠠᠶᠠᠯᠢᠭ ᠢ ᠠᠭᠤᠳᠠᠯᠤᠨ ᠨᠢᠭᠡᠳᠬᠡᠬᠦ᠂ ᠡᠯᠡᠰᠦᠨ ᠴᠦᠯ ᠤᠨ ᠰᠣᠶᠣᠯ ᠤᠨ IP ᠶᠢ ᠡᠭᠦᠳᠬᠦ᠂ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠴᠣᠭᠴᠠᠯᠠᠬᠤ ᠵᠡᠷᠭᠡ ᠬᠦᠷᠢᠶᠡᠨ ᠳᠤ ᠭᠤᠤᠯᠳᠠᠯᠭ᠎ᠠ ᠲᠠᠢ ᠰᠢᠪᠲᠤᠯᠤᠯᠲᠠ ᠭᠠᠷᠭᠠᠵᠤ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ  ᠣᠶᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠳᠠᠯᠠᠳ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ  ᠣᠶᠢᠯᠡᠰ ᠤᠨ ᠬᠥᠭᠵᠢᠯᠲᠡ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠪᠡ᠃      ᠴᠧᠨ ᠪᠢᠩ᠂ ᠪᠦᠯᠦᠭᠯᠡᠯ ᠤᠨ ᠡᠵᠡᠩᠨᠡᠯᠲᠡ ᠶᠢᠨ ᠬᠡᠯᠪᠡᠷᠢ ᠶᠢᠨ ᠰᠢᠨ᠎ᠡ ᠶᠢ ᠡᠭᠦᠳᠬᠦ᠂ ᠨᠠᠷᠠᠲᠤ ᠲᠥᠷᠥᠯ ᠲᠡᠮᠳᠡᠭᠲᠦ ᠶᠢᠨ ᠲᠠᠰ ᠳᠡᠪᠰᠢᠭᠦᠯᠬᠦ ᠵᠡᠷᠭᠡ ᠲᠠᠯ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠠᠮᠵᠢᠯᠲᠠ ᠣᠯᠤᠭᠰᠠᠨ ᠬᠡᠷᠡᠭ ᠤᠨ ᠵᠢᠱᠢᠶ᠎ᠡ ᠶᠢ ᠨᠠᠷᠢᠨ ᠲᠠᠨᠢᠯᠴᠠᠭᠤᠯᠬᠤ ᠶᠢᠨ ᠬᠠᠮᠲᠤ᠂ ᠳᠠᠯᠠᠳ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ᠂ ᠯᠦᠸᠧ ᠺᠧ ᠺᠧ ᠪᠦᠯᠦᠭᠯᠡᠯ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠳᠠᠯᠠᠳ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠠᠯᠠᠳ ᠬᠤᠰᠢᠭᠤ ᠲᠠᠢ ᠡᠬᠢ ᠪᠠᠶᠠᠯᠢᠭ ᠢ ᠠᠭᠤᠳᠠᠯᠤᠨ ᠨᠡᠶᠢᠳᠬᠡᠬᠦ᠂ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠠᠶᠢᠭᠤᠯᠬᠤ ᠵᠡᠷᠭᠡ ᠬᠦᠷᠢᠶᠡᠨ ᠳᠤ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠬᠡᠪ ᠳᠠᠭᠤᠷᠢᠶᠠᠯ ᠢ ᠬᠠᠮᠲᠤ ᠪᠠᠷ ᠴᠣᠭᠴᠠᠯᠠᠨ᠎ᠠ ᠭᠡᠵᠦ ᠢᠯᠡᠷᠬᠡᠶᠢᠯᠡᠪᠡ᠃      ᠺᠠᠩ ᠫᠢᠩ᠂ ᠰᠢᠤᠸᠠᠢ ᠬᠠᠢ ᠯᠢᠨ᠂ ᠪᠠᠢ ᠰᠢᠶᠣᠣ ᠶᠠᠨ᠂ ᠯᠢ ᠮᠤᠤ ᠨᠠᠷ ᠶᠠᠷᠢᠯᠴᠠᠬᠤ ᠬᠤᠷᠠᠯ ᠳᠤ ᠣᠷᠣᠯᠴᠠᠪᠠ᠃ 
ᠢᠷᠡᠯᠲᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ