ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠬᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠶᠢᠨ | ᠲᠥᠯᠥᠭᠡ᠂ 5 ᠰᠠᠷ᠎ᠠ ᠶᠢᠨ 15 ᠤ ᠡᠳᠦᠷ᠂ ᠱᠢ ᠬᠤᠸᠠ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠺᠠᠳ᠋ᠷ᠂ ᠬᠡᠰᠡᠭ ᠨᠠᠮ ᠤᠨ ᠭᠡᠰᠢᠭᠦᠨ ᠢ ᠵᠣᠬᠢᠶᠠᠨ | ᠪᠠᠶᠢᠭᠤᠯᠤᠨ ᠳᠠᠯᠠᠳ ᠬᠤᠰᠢᠭᠤᠨ ᠤ ᠬᠡᠷ ᠤᠨ ᠰᠤᠷᠲᠠᠯ ᠤᠨ ᠣᠷᠳᠣᠨ ᠳᠤ ᠬᠦᠷᠴᠦ ︽ᠬᠡᠷ ᠤᠨ ᠰᠤᠷᠲᠠᠯ ᠢ ᠰᠠᠶᠢᠲᠤᠷ ᠬᠠᠮᠠᠭᠠᠯᠠᠨ ᠤᠯᠤᠰ ᠬᠡᠷ ᠤᠨ ᠵᠡᠭᠦᠳᠦ ᠪᠠᠨ | ᠬᠠᠮᠲᠤ ᠪᠠᠷ ᠲᠡᠷᠭᠡᠯᠰᠢᠭᠦᠯᠬᠦ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠰᠤᠷᠤᠯᠴᠠᠵᠤ ᠪᠡᠶᠡᠴᠢᠯᠡᠨ ᠣᠶᠢᠯᠠᠭᠠᠬᠤ ᠪᠠᠷ ᠳᠠᠮᠵᠢᠭᠤᠯᠤᠨ᠂ ᠣᠷᠣᠯᠴᠠᠭᠰᠠᠳ ᠢ | ᠬᠥᠲᠥᠯᠦᠨ ᠵᠢᠯᠣᠭᠤᠳᠴᠤ ᠪᠠᠶᠢᠭᠠᠳ ᠬᠡᠷ ᠤᠨ ᠰᠤᠷᠲᠠᠯ ᠤᠨ ᠬᠦᠴᠦᠨ ᠴᠢᠳᠠᠯ ᠢ ᠣᠶᠢᠯᠠᠭᠠᠭᠤᠯᠵᠤ᠂ ᠤᠯᠤᠰ ᠬᠡᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠪᠠ᠃ | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠦᠬᠦ ᠬᠥᠮᠦᠰ ︽ᠤᠷᠢᠳᠤᠬᠢ ᠮᠡᠷᠭᠡᠳ ᠤᠨ ᠰᠤᠷᠲᠠᠯ︾᠂ ︽ᠬᠤᠪᠢᠰᠬᠠᠯ ᠤᠨ ᠭᠡᠷ ᠤᠨ ᠰᠤᠷᠲᠠᠯ︾᠂ ︽ | ᠪᠣᠯᠪᠠᠰᠤᠨ ᠰᠢᠨ᠎ᠡ ᠰᠤᠷᠲᠠᠯ︾ ᠵᠡᠷᠭᠡ ᠭᠤᠷᠪᠠᠨ ᠶᠡᠭᠡ ᠭᠤᠣᠯ ᠰᠡᠳᠦᠪᠲᠦ ᠦᠵᠡᠭᠦᠯᠭᠡ ᠶᠢᠨ ᠲᠣᠭᠤᠷᠢᠭ ᠢ ᠲᠡᠰ ᠳᠠᠷᠠᠭᠠᠯᠠᠨ ᠲᠣᠭᠤᠷᠢᠨ ᠦᠵᠡᠪᠡ᠃ ︽ᠶᠠᠨ | ᠣᠪᠣᠭᠲᠤ ᠶᠢᠨ ᠭᠡᠷ ᠤᠨ ᠰᠤᠷᠭᠠᠯ︾᠂ ᠪᠤᠤ ᠣᠪᠣᠭᠲᠤ ᠶᠢᠨ ᠭᠡᠷ ᠤᠨ ᠰᠤᠷᠲᠠᠯ ᠢ ᠳᠠᠭᠤᠷᠢᠶᠠᠭᠰᠠᠨ ᠡᠷᠲᠡᠨ ᠤ ᠨᠣᠮ ᠠᠴᠠ ᠵᠧᠦ ᠠ ᠯᠠᠢ ᠶᠢᠨ ︽ᠠᠷᠪᠠᠨ ᠵᠤᠷᠪᠤᠰ | ᠭᠡᠷ ᠤᠨ ᠶᠣᠰᠣ ᠳᠦᠷᠢᠮ︾᠂ ᠯᠢᠦ ᠱᠣᠣ ᠴᠢ ᠶᠢᠨ ︽ᠣᠨᠴᠠᠭᠠᠢ ᠪᠠᠶᠢᠵᠦ ᠪᠣᠯᠬᠤ ᠦᠭᠡᠢ︾ ᠭᠡᠰᠡᠨ ᠬᠤᠪᠢᠰᠬᠠᠯ ᠤᠨ ᠦᠵᠡᠭᠦᠯᠦᠯᠭᠡ ᠶᠢᠨ ᠰᠠᠮᠪᠠᠷ᠎ᠠ ᠬᠦᠷᠲᠡᠯ᠎ᠡ᠂ | ᠶᠠᠰᠤᠲᠤ ᠮᠡᠯᠡᠬᠡᠢ ᠶᠢᠨ ᠬᠤᠶᠠᠭ ᠪᠢᠴᠢᠭ ᠤᠨ ︽ᠭᠡᠷ ᠪᠦᠯᠢ︾ ᠠᠴᠠ ᠣᠳᠣ ᠦᠶ᠎ᠡ ᠶᠢᠨ ︽ᠬᠠᠮᠤᠭ ᠤᠨ ᠭᠤᠶᠣ ᠭᠡᠷ ᠪᠦᠯᠢ︾ ᠶᠢᠨ ᠬᠠᠷᠢᠯᠴᠠᠨ ᠦᠢᠯᠡᠳᠦᠯᠴᠡᠬᠦ | ᠭᠡᠷᠡᠯ ᠵᠢᠷᠤᠭ ᠤᠨ ᠬᠡᠷᠡᠮ ᠬᠦᠷᠲᠡᠯ᠎ᠡ᠂ ᠪᠣᠳᠠᠲᠤ ᠪᠣᠳᠠᠰ ᠤᠨ ᠳᠡᠯᠭᠡᠨ ᠦᠵᠡᠭᠦᠯᠬᠦ ᠪᠣᠯᠤᠨ ᠲᠣᠭᠠᠴᠢᠯᠠᠭᠰᠠᠨ ᠪᠣᠳᠠᠰ ᠤᠨ ᠳᠡᠯᠭᠡᠨ ᠦᠵᠡᠭᠦᠯᠬᠦ ᠨᠢ ᠳᠤᠮᠳᠠᠳᠤ ᠶᠢᠨ | ᠦᠨᠳᠦᠰᠦᠲᠡᠨ ᠤ ᠭᠡᠷ ᠤᠨ ᠰᠤᠷᠲᠠᠯ ᠰᠣᠶᠣᠯ ᠤᠨ ᠲᠡᠦᠬᠡ ᠶᠢᠨ ᠰᠤᠳᠠᠰᠤ ᠪᠣᠢ᠃ ᠣᠷᠣᠯᠴᠠᠭᠴᠢ ︽ᠨᠢᠭᠡ ᠬᠤᠪᠢ ᠭᠡᠷ ᠤᠨ ᠪᠢᠴᠢᠭ︾ ᠤᠨ ᠳᠡᠯᠭᠡᠴᠡ ᠶᠢᠨ ᠡᠮᠦᠨ᠎ᠡ | ᠰᠠᠭᠤᠷᠢᠯᠠᠵᠤ᠂ ᠡᠯᠧᠺᠲᠷᠣᠨ ᠳᠡᠯᠭᠡᠴᠡ ᠪᠠᠷ ᠳᠠᠮᠵᠢᠭᠤᠯᠤᠨ ᠤᠯᠠᠮᠵᠢᠯᠠᠯᠲᠤ ᠵᠠᠬᠢᠳᠠᠯ ᠪᠢᠴᠢᠵᠦ ᠪᠢᠴᠢᠬᠦ ᠶᠢ ᠪᠡᠶᠡᠴᠢᠯᠡᠨ ᠣᠶᠢᠯᠠᠭᠠᠵᠤ᠂ ︽ᠦᠰᠦᠭ ᠦᠵᠡᠬᠦ︾ | ᠬᠠᠶᠢᠷ᠎ᠠ ᠰᠡᠳᠬᠢᠯᠭᠡ ᠶᠢᠨ ᠬᠠᠯᠠᠭᠤᠨ ᠳᠤᠯᠠᠭᠠᠨ ᠢ ᠮᠡᠳᠡᠷᠡᠵᠦ᠂ ︽ᠶᠡᠭᠡ ᠬᠠᠶᠢᠷ᠎ᠠ ᠬᠢᠵᠠᠭᠠᠷ ᠦᠭᠡᠢ︾ ᠭᠡᠬᠦ ᠣᠯᠤᠯᠲᠠ ᠲᠦᠷᠦᠭᠳᠡᠯ ᠲᠠᠢ ᠪᠣᠯᠪᠠ᠃ | | | ᠭᠡᠷ ᠤᠨ ᠰᠤᠷᠲᠠᠯ ᠲᠥᠪ ᠪᠣᠯ ᠠᠷᠠᠳ ᠤᠨ ᠰᠤᠷᠲᠠᠯ ᠪᠣᠯᠪᠠᠰᠤᠨ᠂ ᠠᠷᠠᠳ ᠤᠨ ᠰᠤᠷᠲᠠᠯ ᠪᠣᠯ ᠨᠡᠶᠢᠭᠡᠮ ᠳᠠᠶᠠᠭᠠᠷ ᠠᠮᠤᠷᠯᠢᠩᠭᠤᠢ᠃ ᠲᠣᠰ ᠤᠳᠠᠭᠠᠨ ᠤ | ᠠᠵᠢᠯᠯᠠᠭ᠎ᠠ ᠨᠢ ︽ᠠᠵᠢᠭᠯᠠᠬᠤ᠂ ᠶᠠᠷᠢᠯᠴᠠᠬᠤ᠂ ᠣᠶᠢᠯᠠᠭᠠᠬᠤ︾ ᠪᠠᠷ ᠳᠠᠮᠵᠢᠭᠤᠯᠤᠨ ᠣᠯᠠᠨ ᠲᠠᠯ᠎ᠠ ᠪᠠᠷ ᠪᠡᠶᠡᠴᠢᠯᠡᠨ ᠣᠶᠢᠯᠠᠭᠠᠵᠤ᠂ ᠰᠢᠯᠢᠳᠡᠭ ᠰᠠᠶᠢᠨ ᠭᠡᠷ ᠤᠨ | ᠰᠤᠷᠲᠠᠯ ᠢ ᠰᠡᠷᠡᠵᠦ ᠮᠡᠳᠡᠬᠦ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠨᠡᠶᠢᠭᠡᠮ ᠲᠣᠭᠤᠷᠢᠭ ᠤᠨ ᠬᠢᠨ | ᠭᠡᠷ ᠤᠨ ᠰᠤᠷᠲᠠᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ᠂ ᠭᠡᠷ ᠤᠨ ᠰᠤᠷᠲᠠᠯ ᠤᠨ ᠦᠯᠢᠭᠡᠷ ᠴᠤᠭᠯᠠᠭᠤᠯᠬᠤ ᠵᠡᠷᠭᠡ ᠰᠢᠷᠢᠰ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠭᠡᠷ ᠪᠦᠯᠢ ᠶᠢᠨ ᠬᠠᠶᠢᠷ᠎ᠠ ᠰᠡᠳᠬᠢᠯᠭᠡ ᠶᠢ ᠬᠥᠭᠵᠢᠭᠡᠵᠦ ᠨᠡᠶᠢᠭᠡᠮ ᠲᠣᠭᠤᠷᠢᠭ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | |