︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠴᠠ ᠲᠥᠯᠥᠪᠦᠷᠢ ᠠᠪᠬᠤ ᠠᠵᠢᠯ ᠤᠨ ᠲᠣᠭᠲᠠᠭᠠᠯ︾ ᠢ ᠳᠠᠷᠤᠮᠠᠯᠯᠠᠨ ᠶᠠᠪᠤᠭᠤᠯᠪᠠ
ᠨᠡᠶᠢᠲᠡᠯᠡᠭᠰᠡᠨ ᠴᠠᠭ᠄
2025/5/20
  ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠴᠠ ᠲᠥᠯᠥᠪᠦᠷᠢ ᠠᠪᠬᠤ ᠠᠵᠢᠯ ᠤᠨ ᠲᠣᠭᠲᠠᠭᠠᠯ︾ ᠢ ᠳᠠᠷᠤᠮᠠᠯᠯᠠᠨ ᠶᠠᠪᠤᠭᠤᠯᠵᠠᠢ ︵ᠥᠪᠥᠷ ᠵᠠᠰᠠᠭ ᠠᠯᠪᠠᠨ ᠲᠠᠷᠬᠠᠭᠠᠭᠰᠠᠨ ﹇2025﹈ 16 ᠳ᠋ᠤᠭᠠᠷ ᠲᠣᠭᠠᠲᠤ︶᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠴᠠ ᠲᠥᠯᠥᠪᠦᠷᠢ ᠠᠪᠬᠤ ᠠᠵᠢᠯ ᠤᠨ ᠵᠢᠷᠦᠮᠵᠢᠯᠲᠡ ᠶᠢ ᠠᠬᠢᠭᠤᠯᠬᠤ ᠶᠢᠨ ᠲᠤᠯᠠᠳᠠ ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠳᠣᠭᠲᠠᠭᠠᠯ ᠢ ᠳᠣᠭᠲᠠᠭᠠᠪᠠ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ