ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶᠠᠨ ᠤ ᠬᠠᠮᠤᠭ ᠤᠨ ᠰᠢᠨ᠎ᠡ ᠮᠡᠳᠡᠭᠡ ᠶᠢ ᠦᠨᠳᠦᠰᠦᠯᠡᠪᠡᠯ᠂ ᠡᠨᠡ ᠵᠢᠯ ᠤᠨ ᠲᠦᠷᠦᠭᠦᠸ 4 | ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 1005 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ 43.4% ᠪᠠᠷ ᠨᠡᠮᠡᠭᠳᠡᠨ᠂ ᠪᠥᠬᠦ ᠣᠷᠣᠨ ᠤ ᠴᠠᠬᠢᠯᠭᠠᠨ ᠭᠠᠷᠭᠠᠭᠰᠠᠨ ᠶᠡᠷᠦᠩᠬᠡᠢ ᠬᠡᠮᠵᠢᠶᠡᠨ ᠤ 35.9% ᠶᠢ | ᠡᠵᠡᠯᠡᠵᠦ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ 9.6 ᠵᠠᠭᠤᠨ ᠤ ᠬᠤᠪᠢ ᠳᠡᠭᠡᠭᠰᠢᠯᠡᠵᠡᠢ᠃ ᠡᠭᠦᠨ ᠳᠤ᠂ ᠭᠠᠳᠠᠭᠰᠢ ᠬᠦᠷᠭᠡᠭᠰᠡᠨ ᠰᠢᠨ᠎ᠡ | ᠡᠨᠧᠷᠭᠢ ᠶᠢᠨ ᠴᠠᠬᠢᠯᠭᠠᠨ 350 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠲᠤᠬᠠᠢ ᠶᠢᠨ ᠭᠠᠵᠠᠷ ᠲᠤ ᠪᠠᠨ ᠰᠢᠩᠭᠡᠭᠡᠨ ᠠᠰᠢᠭᠯᠠᠭᠰᠠᠨ ᠰᠢᠨ᠎ᠡ ᠡᠨᠧᠷᠭᠢ ᠶᠢᠨ | ᠴᠠᠬᠢᠯᠭᠠᠨ 655 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠪᠥᠬᠦ ᠣᠷᠣᠨ ᠤ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ | ᠬᠡᠮᠵᠢᠶᠡᠨ ᠤ 36.9% ᠶᠢ ᠡᠵᠡᠯᠡᠵᠦ᠂ ᠤᠯᠤᠰ ᠠᠴᠠ ᠪᠠᠭᠤᠯᠭᠠᠭᠰᠠᠨ ᠬᠠᠷᠠᠯᠲᠠ ᠶᠢᠨ ᠬᠡᠮᠵᠢᠭᠳᠡᠯ ᠠᠴᠠ ᠪᠠᠷᠤᠭ 7 ᠵᠠᠭᠤᠨ ᠤ ᠬᠤᠪᠢ ᠪᠠᠷ ᠥᠨᠳᠥᠷ ᠪᠣᠯᠣᠭᠰᠠᠨ | ᠪᠠᠶᠢᠨ᠎ᠠ᠃ | ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠪᠣᠯᠤᠭᠰᠠᠨ ᠤ ᠬᠤᠪᠢ ᠳᠤ᠂ ᠮᠠᠨ ᠤ ᠣᠷᠣᠨ ᠣᠶᠢᠷ᠎ᠠ ᠶᠢᠨ | ᠵᠢᠯ ᠤᠳ ᠲᠤ ︽ᠳᠡᠭᠡᠷ᠎ᠡ ᠪᠠᠨ ᠰᠠᠯᠬᠢᠨ ᠡᠨᠧᠷᠬᠢ ᠨᠠᠷᠠᠨ ᠤ ᠡᠨᠧᠷᠭᠢ ᠲᠠᠢ᠂ ᠳᠣᠣᠷ᠎ᠠ ᠪᠠᠨ ᠨᠡᠭᠦᠷᠡᠰᠦᠨ ᠤ ᠡᠬᠢ ᠪᠠᠶᠠᠯᠢᠭ ᠲᠠᠢ᠂ ᠳᠡᠷᠭᠡᠳᠡ ᠪᠠᠨ ᠴᠠᠬᠢᠯᠭᠠᠨ ᠤ | ᠲᠣᠣᠷ ᠲᠠᠢ︾ ᠪᠠᠶᠢᠬᠤ ᠳᠠᠪᠠᠭᠤᠯᠢᠭ ᠢᠶᠠᠨ ᠭᠦᠢᠴᠡᠳ ᠰᠢᠩᠭᠡᠭᠡᠨ ᠠᠰᠢᠭᠯᠠᠵᠤ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠᠲᠤ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠦᠨ᠂ ︽ᠪᠠᠲᠤᠯᠠᠭ᠎ᠠ ᠶᠢᠨ ᠴᠢᠨᠠᠷᠲᠠᠢ ᠪᠠᠶᠢᠬᠤ ᠬᠢᠭᠡᠳ ᠵᠠᠬ᠎ᠠ ᠳᠡᠯᠭᠡᠭᠦᠷᠴᠢᠯᠡᠯᠲᠡ ᠶᠢ ᠵᠡᠷᠭᠡ ᠪᠠᠷ ᠴᠢᠬᠤᠯᠠᠴᠢᠯᠠᠬᠤ᠂ ᠲᠣᠮᠣ ᠰᠠᠭᠤᠷᠢᠨ ᠬᠢᠭᠡᠳ ᠲᠠᠷᠠᠬᠠᠢ | ᠪᠤᠲᠠᠷᠬᠠᠢ ᠮᠠᠶ᠋ᠢᠭ ᠬᠠᠮᠲᠤ ᠣᠷᠣᠰᠢᠬᠤ᠂ ᠲᠤᠰ ᠭᠠᠵᠠᠷ ᠲᠤ ᠪᠠᠨ ᠠᠰᠢᠭᠯᠠᠬᠤ ᠬᠢᠭᠡᠳ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠶᠢ ᠬᠠᠮᠵᠢᠯᠴᠠᠭᠤᠯᠬᠤ︾ | ᠬᠥᠭᠵᠢᠯᠲᠡ ᠶᠢᠨ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠬᠠᠶᠢᠨ ᠰᠦᠪᠡᠭᠴᠢᠯᠡᠵᠦ᠂ ᠰᠢᠨ᠎ᠡ ᠡᠨᠧᠷᠭᠢ ᠶᠢᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ | ᠲᠠᠰᠤᠷᠠᠯᠳᠠ ᠦᠭᠡᠢ ᠰᠢᠯᠢᠳᠡᠭᠵᠢᠭᠦᠯᠬᠦ᠂ ᠢᠵᠢ ᠪᠦᠷᠢᠳᠦᠭᠦᠯᠬᠦ ᠴᠠᠬᠢᠯᠭᠠᠨ ᠲᠣᠣᠷ ᠤᠨ ᠢᠨᠵᠧᠨᠧᠷᠢᠩ ᠢ ᠤᠷᠢᠳᠴᠢᠯᠠᠨ ᠤᠬᠠᠭᠠᠯᠠᠨ ᠲᠥᠯᠥᠪᠯᠡᠬᠦ᠂ ᠰᠢᠨ᠎ᠡ | ᠬᠡᠯᠪᠡᠷᠢ ᠶᠢᠨ ᠡᠨᠧᠷᠭᠢ ᠨᠥᠭᠡᠴᠡᠯᠡᠬᠦ ᠶᠢ ᠲᠦᠷᠭᠡᠳᠬᠡᠬᠦ ᠮᠡᠲᠦ ᠶᠢᠨ ᠲᠣᠬᠢᠷᠠᠭᠤᠯᠬᠤ ᠴᠢᠨᠠᠷᠲᠠᠢ ᠴᠠᠬᠢᠯᠭᠠᠨ ᠡᠭᠦᠰᠬᠡᠭᠴᠢ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠷ | ᠳᠠᠮᠵᠢᠭᠤᠯᠤᠨ᠂ ᠰᠢᠨ᠎ᠡ ᠡᠨᠧᠷᠭᠢ ᠶᠢ ︽ᠭᠠᠳᠠᠭᠰᠢ ᠬᠦᠷᠭᠡᠬᠦ︾᠂ ︽ᠰᠠᠶᠢᠲᠤᠷ ᠠᠰᠢᠭᠯᠠᠬᠤ︾ ᠪᠠᠨ ᠦᠨᠡᠨ ᠬᠦ ᠪᠠᠲᠤᠯᠠᠭᠰᠠᠭᠠᠷ ᠢᠷᠡᠵᠡᠢ᠃ ᠡᠨᠡ ᠵᠢᠯ ᠤᠨ 4 | ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠰᠢᠨ᠎ᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ 1.38 ᠳ᠋ᠦᠩᠰᠢᠭᠤᠷ ᠺᠢᠯᠣᠸᠠᠲ ᠲᠤ | ᠬᠦᠷᠴᠦ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ 37% ᠪᠠᠷ ᠨᠡᠮᠡᠭᠳᠡᠨ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠳᠠᠬᠢ ᠡᠵᠡᠯᠡᠬᠦ | ᠬᠤᠪᠢ ᠶᠢᠨ ᠵᠢᠩ ᠨᠢ 51.2% ᠲᠤ ᠬᠦᠷᠴᠦ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ 6.4 ᠵᠠᠭᠤᠨ ᠤ ᠬᠤᠪᠢ ᠳᠡᠭᠡᠭᠰᠢᠯᠡᠵᠡᠢ᠃ | |