5 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠠᠩ ᠸᠧᠶ | ᠰᠢᠶᠦ᠋ᠩ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ | ᠵᠠᠩ ᠸᠧᠢ ᠰᠢᠶᠦ᠋ᠩ ᠳᠠᠯᠠᠳ ᠠᠵᠤ ᠠᠬᠤᠢ ᠶᠢᠨ ᠨᠡᠭᠡᠭᠡᠯᠳᠡ ᠶᠢᠨ ᠣᠷᠣᠨ᠂ ᠳᠠᠯᠠᠳ ᠴᠠᠬᠢᠯᠭᠠᠨ ᠭᠠᠷᠭᠠᠬᠤ ᠦᠢᠯᠡᠳᠪᠦᠷᠢ᠂ ᠱᠠᠭᠵᠠᠮᠤᠨᠢ ᠪᠠᠯᠭᠠᠰᠤ ᠵᠡᠷᠭᠡ | ᠭᠠᠵᠠᠷ ᠢᠶᠠᠷ ᠭᠦᠨᠵᠡᠭᠡᠶᠢᠷᠡᠵᠦ᠂ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ | ᠨᠡᠭᠡᠭᠡᠨ ᠬᠥᠭᠵᠢᠭᠦᠯᠦᠯᠲᠡ ᠶᠢᠨ ᠣᠷᠣᠨ ᠤ ᠳᠠᠪᠤᠰᠤᠨ ᠤᠰᠤᠨ ᠤ ᠬᠡᠮᠵᠢᠶ᠎ᠡ ᠶᠢ ᠪᠠᠭᠠᠰᠬᠠᠬᠤ᠂ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠠ ᠪᠦᠬᠦ | ᠬᠤᠰᠢᠭᠤᠨ ᠤ ᠡᠪᠡᠳᠴᠢᠨ ᠢᠶᠠᠷ ᠦᠬᠦᠭᠰᠡᠨ ᠮᠠᠯ ᠢ ᠬᠤᠣᠷ ᠦᠭᠡᠶᠢᠵᠢᠬᠦᠯᠦᠨ ᠰᠢᠢᠳᠪᠦᠷᠢᠯᠡᠵᠦ ᠠᠰᠢᠭᠯᠠᠬᠤ᠂ ᠲᠡᠮᠦᠷ ᠵᠠᠮ ᠤᠨ ᠲᠡᠭᠡᠭᠡᠪᠦᠷᠢ ᠵᠢᠴᠢ ᠨᠡᠭᠦᠷᠡᠰᠦ | ᠬᠠᠳᠠᠭᠠᠯᠠᠬᠤ ᠰᠠᠷᠠᠪᠴᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠮᠢᠳᠤᠷᠠᠯ ᠤᠨ ᠬᠤᠭ ᠨᠣᠪᠰᠢ ᠶᠢ | ᠪᠤᠯᠠᠬᠤ ᠲᠠᠯᠠᠪᠠᠢ ᠶᠢᠨ ᠰᠢᠮᠡᠳᠦᠨ ᠱᠦᠭᠦᠬᠦ ᠰᠢᠩᠭᠡᠨ ᠢ ᠰᠢᠢᠳᠪᠦᠷᠢᠯᠡᠬᠦ ᠵᠡᠷᠭᠡ ᠪᠣᠳᠠᠲᠠᠢ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠠᠯᠪᠠᠯᠠᠨ | ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠢ ᠰᠤᠳᠤᠯᠤᠭᠰᠠᠨ ᠪᠥᠭᠡᠳ ᠲᠤᠰᠬᠠᠢ | ᠬᠥᠮᠦᠨ ᠢᠶᠠᠷ ᠬᠠᠷᠢᠭᠤᠴᠠᠭᠤᠯᠤᠨ ᠮᠥᠷᠳᠡᠨ ᠰᠢᠢᠳᠪᠦᠷᠢᠯᠡᠬᠦ ᠶᠢ ᠨᠠᠶᠢᠳᠠᠪᠤᠷᠢᠵᠢᠭᠤᠯᠪᠠ᠃ | ᠵᠠᠩ ᠸᠧᠶ ᠰᠢᠶᠦ᠋ᠩ ᠬᠡᠯᠡᠬᠦ ᠳᠡᠭᠡᠨ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠪᠥᠬᠦ | ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠶ᠃ ᠬᠢᠨᠠᠯᠲᠠ ᠲᠠᠯᠪᠢᠵᠤ | ᠪᠠᠶᠢᠴᠠᠭᠠᠬᠤ ᠪᠠ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠤᠰᠤ᠂ ᠬᠥᠷᠥᠰᠥ ᠰᠢᠷᠣᠶ᠂ ᠠᠭᠠᠷ ᠮᠠᠨᠳᠠᠯ | ᠵᠡᠷᠭᠡ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠭᠠᠵᠠᠷ ᠣᠷᠣᠨ ᠢ ᠴᠢᠩᠭ᠎ᠠ ᠠᠩᠬᠠᠷᠴᠤ᠂ ᠦᠨᠡᠨ ᠪᠣᠳᠠᠲᠠᠶ᠂ | ᠬᠠᠲᠠᠭᠤ ᠴᠢᠩᠭ᠎ᠠ ᠪᠠᠷ ᠬᠢᠨᠠᠨ ᠬᠠᠮᠢᠶᠠᠷᠴᠤ᠂ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠬᠤ ᠬᠡᠷᠡᠭᠲᠡᠶ᠃ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠥᠩᠭᠡᠷᠡᠭᠰᠡᠨ ᠵᠢᠯ ᠤᠳ ᠲᠤ ᠡᠯ᠎ᠡ ᠱᠠᠲᠤᠨ ᠤ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠣᠳᠣᠬᠠᠨ ᠳᠤ ᠥᠭᠡᠷᠡᠴᠢᠯᠡᠬᠦ | ᠪᠠ ᠣᠷᠳᠣ ᠬᠤᠭᠤᠴᠠᠭ᠎ᠠ ᠪᠠᠷ ᠪᠠᠶᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠵᠣᠬᠢᠴᠠᠭᠤᠯᠤᠨ | ᠬᠠᠮᠲᠤᠷᠠᠯᠴᠠᠬᠤ ᠶᠢ ᠴᠢᠩᠭᠠᠳᠬᠠᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠰᠠᠨᠠᠭᠠᠴᠢᠯᠠᠭ᠎ᠠ ᠠᠴᠠ ᠪᠠᠨ | ᠨᠡᠪᠲᠡᠷᠡᠯᠴᠡᠵᠦ᠂ ᠨᠢᠭᠲᠠ ᠬᠠᠮᠵᠢᠯᠴᠠᠨ᠂ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠮᠵᠢᠯᠴᠠᠨ ᠬᠦᠴᠦᠯᠡᠵᠦ᠂ ᠠᠳᠠᠯᠢ ᠰᠡᠳᠦᠪ ᠤᠨ ᠬᠠᠮᠲᠤ ᠪᠠᠷ | ᠬᠠᠷᠢᠭᠤᠯᠬᠤ ᠪᠠᠶᠢᠳᠠᠯ ᠢ ᠪᠠᠲᠤᠯᠠᠵᠤ᠂ ᠪᠥᠬᠦ ᠬᠤᠰᠢᠭᠤᠨ ᠤ ᠠᠮᠢ ᠠᠬᠤᠶ ᠶᠢᠨ ᠬᠠᠮᠠᠭᠠᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ | ᠬᠡᠷᠡᠭᠲᠡᠶ᠃ | ᠴᠧᠨ ᠰᠢ ᠷᠦᠩ ᠵᠢᠴᠢ ᠬᠠᠮᠢᠶ᠎ᠠ ᠪᠥᠬᠦᠶ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ | |