ᠤᠢᠢᠷ᠎ᠠ ᠶᠢᠨ ᠵᠢᠯ ᠠᠴᠠ ᠨᠠᠭᠠᠰᠢ᠂ ᠲᠠᠯᠠᠳ ᠬᠤᠰᠢᠭᠤ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠠᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠦᠬᠡ ᠠᠭᠤᠯᠠ ᠭᠦᠬᠡᠮᠳᠦᠭ ᠤᠰᠤ ᠪᠤᠯ ᠠᠯᠳᠠ ᠮᠦᠩᠬᠦᠨ ᠠᠭᠤᠯᠠ︾ ᠭᠡᠭᠦ ᠤᠢᠢᠯᠠᠭᠠᠬᠳᠠᠬᠤᠨ ᠢ | ᠦᠢᠯᠡᠳᠦᠯᠭᠡᠵᠢᠭᠦᠯᠤᠨ᠂ ᠠᠵᠢᠯ ᠤᠯᠭᠤᠬᠤ ᠪᠠᠷ ᠲᠡᠳᠭᠦᠮᠵᠢ ᠶᠢ ᠤᠷᠤᠯᠠᠭᠤᠯᠬᠤ ︽1+4︾ ᠭᠡᠷ᠎ᠠ ᠶᠢᠨ ᠭᠡᠪ ᠵᠠᠬᠪᠤᠷ ᠢ ᠡᠭᠦᠳᠤᠨ ᠬᠡᠷᠡᠭᠵᠢᠭᠦᠯᠵᠦ᠂ ᠠᠮᠢ | ᠠᠬᠤᠢ ᠶᠢ ᠵᠠᠰᠠᠬᠤ ᠪᠠ ᠠᠷᠠᠳ ᠢ ᠪᠠᠶᠠᠵᠢᠭᠤᠯᠤᠨ ᠤᠷᠤᠯᠭ᠎ᠠ ᠶᠢ ᠨᠡᠮᠡᠭᠳᠡᠭᠦᠯᠭᠦ ᠶᠢ ᠤᠷᠭᠠᠨᠢᠭ ᠢᠶᠠᠷ ᠤᠶᠠᠯᠳᠤᠭᠤᠯᠤᠨ᠂ ᠡᠯᠡᠰᠦ ᠶᠢ ᠵᠠᠰᠠᠬᠤ ᠰᠢᠨ᠎ᠠ ᠠᠷᠭ᠎ᠠ ᠵᠠᠮ ᠢ | ᠰᠦᠪᠡᠭᠴᠢᠯᠡᠪᠡ᠃ | | | | ︽1+4︾ ᠭᠡᠷ᠎ᠡ ᠶᠢᠨ ᠵᠠᠭᠪᠤᠷ ᠭᠡᠳᠡᠭ ᠨᠢ ᠭᠠᠵᠠᠷ ᠰᠢᠷᠣᠶ ᠬᠡᠷᠡᠭᠯᠡᠬᠦ ᠡᠷᠬᠡᠲᠦ ᠬᠥᠮᠦᠨ ᠬᠢᠭᠡᠳ ᠬᠤᠷᠰᠢᠶ᠎ᠠ ︵ᠲᠣᠰᠬᠤᠨ ᠤ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ︶ ᠯᠤᠭ᠎ᠠ ᠬᠡᠯᠡᠯᠴᠡᠭᠡᠷ ᠲᠣᠭᠲᠠᠵᠤ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠨᠢ ᠬᠠᠷᠢᠶ᠎ᠠ ᠰᠤᠮᠤ | ᠪᠠᠯᠭᠠᠰᠤ᠂ ᠭᠠᠴᠠᠭ᠎ᠠ ᠲᠣᠰᠬᠤᠨ᠂ ᠬᠤᠷᠰᠢᠶ᠎ᠠ ︵ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ︶ ᠯᠤᠭ᠎ᠠ ᠬᠠᠮᠲᠤ ᠪᠠᠷ ᠳᠥᠷᠪᠡᠨ | ᠲᠠᠯ᠎ᠠ ᠶᠢᠨ ᠬᠡᠯᠡᠯᠴᠡᠭᠡᠷ ᠲᠣᠭᠲᠠᠵᠤ᠂ ᠡᠯ᠎ᠡ ᠲᠠᠯ᠎ᠠ ᠶᠢᠨ ᠡᠷᠬᠡ ᠠᠰᠢᠭ ᠢ ᠦᠨᠡᠨ ᠬᠦ ᠪᠠᠲᠤᠯᠠᠵᠤ᠂ ᠠᠮᠢ ᠠᠬᠤᠶ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠶᠢ ᠠᠬᠢᠭᠤᠯᠬᠤ ᠶᠢ ᠵᠢᠭᠠᠵᠤ ᠪᠣᠶ᠃ ᠪᠣᠳᠠᠲᠠᠶ ᠬᠡᠷᠡᠭᠵᠢᠭᠦᠯᠬᠦ ᠠᠷᠭ᠎ᠠ ᠮᠠᠶ᠋ᠢᠭ᠄ ︽1︾ ᠭᠡᠳᠡᠭ ᠨᠢ ᠭᠠᠵᠠᠷ ᠰᠢᠷᠣᠶ ᠶᠢᠨ ᠬᠡᠷᠡᠭᠯᠡᠬᠦ ᠡᠷᠬᠡ ᠪᠠᠷ ᠭᠤᠤᠯ | ᠪᠣᠯᠭᠠᠵᠤ᠂ ᠭᠠᠴᠠᠭ᠎ᠠ ᠲᠣᠰᠬᠤᠨ ᠳᠤᠭᠤᠶᠢᠯᠠᠩ ᠤᠨ ᠪᠠᠶᠢᠭᠤᠯᠤᠭᠰᠠᠨ ᠬᠠᠮᠲᠤ ᠶᠢᠨ ᠠᠵᠤ ᠠᠬᠤᠶ ᠶᠢᠨ ᠬᠤᠷᠰᠢᠶ᠎ᠠ ︵ᠪᠤᠶᠤ ᠭᠠᠴᠠᠭ᠎ᠠ ᠲᠣᠰᠬᠤᠨ ᠤ ᠨᠠᠶᠢᠳᠠᠭᠰᠠᠨ | ᠠᠵᠤ ᠠᠬᠤᠶᠢᠯᠠᠯ︶ ᠨᠢ ᠮᠠᠯᠴᠢᠨ ᠲᠠᠷᠢᠶᠠᠴᠢᠨ ᠲᠠᠢ ᠭᠠᠵᠠᠷ ᠰᠢᠷᠣᠶ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠭᠠᠵᠠᠷ ᠰᠢᠷᠣᠶ ᠶᠢ ᠨᠢ ᠲᠥᠷᠥᠯ ᠵᠦᠢᠯ ᠤᠨ | ᠬᠡᠷᠡᠭᠯᠡᠬᠦ ᠭᠠᠵᠠᠷ ᠪᠣᠯᠭᠠᠬᠤ ᠶᠢ ᠲᠣᠳᠣᠷᠬᠠᠶᠢᠯᠠᠨ᠎ᠠ᠃ ︽4︾ ᠲᠤᠬᠠᠶᠢᠯᠠᠪᠠᠯ ᠳᠥᠷᠪᠡᠨ ᠲᠠᠯ᠎ᠠ ᠬᠤᠯᠪᠣᠭᠠᠯᠠᠨ ᠬᠢᠨᠠᠨ ᠬᠠᠮᠢᠶᠠᠷᠴᠤ ᠬᠡᠷᠡᠭᠵᠢᠭᠦᠯᠬᠦ᠂ ᠣᠶ ᠰᠢᠭᠤᠶ | ᠡᠪᠡᠰᠦ ᠪᠡᠯᠴᠢᠭᠡᠷ ᠤᠨ ᠲᠣᠪᠴᠢᠶ᠎ᠠ ︵ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ︶ ᠪᠥᠬᠦ ᠶᠠᠪᠤᠴᠠ ᠶᠢ ᠬᠠᠮᠢᠶᠠᠷᠬᠤ᠂ ᠬᠢᠨᠠᠯᠲᠠ ᠲᠠᠯᠪᠢᠬᠤ᠂ | ᠪᠠᠶᠢᠴᠠᠭᠠᠬᠤ ᠶᠢᠨ ᠬᠠᠮᠲᠤ ᠮᠡᠷᠭᠡᠵᠢᠯ ᠤᠨ ᠵᠢᠯᠣᠭᠤᠳᠬᠤ ᠦᠢᠯᠡᠴᠢᠯᠡᠭᠡ ᠬᠠᠩᠭᠠᠬᠤ ᠶᠢ ᠬᠠᠷᠢᠭᠤᠴᠠᠨ᠎ᠠ︔ ᠰᠤᠮᠤ ᠪᠠᠯᠭᠠᠰᠤ ︵ᠲᠥᠷᠥᠯ ᠵᠦᠢᠯ ᠢ ᠬᠡᠷᠡᠭᠵᠢᠭᠦᠯᠬᠦ | ᠭᠤᠤᠯ ᠴᠣᠭᠴᠠ︶᠂ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠵᠣᠬᠢᠶᠠᠨ ᠪᠠᠶᠢᠭᠤᠯᠬᠤ᠂ ᠵᠥᠷᠢᠴᠡᠯ ᠢ ᠠᠷᠢᠯᠭᠠᠬᠤ ᠵᠡᠷᠭᠡ ᠶᠢ ᠬᠠᠷᠢᠭᠤᠴᠠᠨ᠎ᠠ︔ ᠭᠠᠴᠠᠭ᠎ᠠ | ᠲᠣᠰᠬᠤᠨ ᠮᠠᠯᠴᠢᠨ ᠲᠠᠷᠢᠶᠠᠴᠢᠨ ᠢ ᠬᠥᠲᠥᠯᠦᠨ ᠵᠢᠯᠣᠭᠤᠳᠴᠤ ᠪᠠᠶᠢᠭᠠᠳ ᠲᠥᠷᠥᠯ ᠵᠦᠢᠯ ᠭᠤᠶᠤᠴᠢᠯᠠᠬᠤ᠂ ᠬᠥᠳᠡᠯᠮᠦᠷᠢ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠪᠤᠶᠤ ᠬᠤᠷᠰᠢᠶ᠎ᠠ ᠶᠢ ᠰᠢᠯᠢᠳᠡᠭ ᠢ ᠨᠢ ᠰᠣᠩᠭᠤᠵᠤ᠂ ᠰᠤᠮᠤ ᠪᠠᠯᠭᠠᠰᠤᠨ ᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠵᠤ᠂ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠪᠠᠷᠢᠯᠭ᠎ᠠ ᠶᠢᠨ ᠭᠡᠷ᠎ᠡ ᠪᠠᠨ ᠳᠠᠩᠰᠠᠯᠠᠭᠤᠯᠬᠤ ᠶᠢᠨ ᠬᠠᠮᠲᠤ ᠬᠥᠳᠡᠯᠮᠦᠷᠢ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠬᠤᠷᠰᠢᠶ᠎ᠠ ︵ᠪᠠᠷᠢᠯᠭ᠎ᠠ ᠶᠢᠨ ᠲᠠᠯ᠎ᠠ︶ ᠶᠢᠨ ᠵᠢᠷᠤᠭ ᠲᠥᠯᠥᠪᠯᠡᠭᠡ ᠶᠢᠨ ᠲᠥᠰᠦᠯ ᠪᠠ ᠭᠡᠷ᠎ᠡ ᠳᠤ ᠪᠣᠯᠵᠣᠨ | ᠲᠣᠭᠲᠠᠭᠰᠠᠨ ᠶᠣᠰᠣᠭᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠷᠠᠴᠢᠯᠠᠨ ᠪᠤᠶᠢᠵᠢᠭᠤᠯᠬᠤ ᠬᠠᠮᠢᠶᠠᠷᠤᠯᠲᠠ ᠬᠠᠮᠠᠭᠠᠯᠠᠯᠲᠠ ᠶᠢᠨ ᠡᠭᠦᠷᠭᠡ ᠶᠢ | ᠪᠡᠶᠡᠯᠡᠭᠦᠯᠦᠨ᠎ᠡ᠃ | ᠣᠶᠢᠷ᠎ᠠ ᠳᠤ᠂ ᠰᠤᠷᠪᠤᠯᠵᠢᠯᠠᠭᠴᠢ ᠡᠯᠡᠰᠦ ᠶᠢ ᠵᠠᠰᠠᠬᠤ ᠠᠵᠢᠯᠴᠢᠳ ᠤᠨ ᠠᠯᠬᠤᠮ ᠢ ᠲᠠᠭᠠᠨ ᠬᠠᠷ᠎ᠠ ᠭᠤᠤ ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠬᠤ | ᠲᠥᠷᠥᠯ ᠵᠦᠢᠯ ᠤᠨ ᠲᠣᠭᠤᠷᠢᠭ ᠲᠤ ᠬᠦᠷᠪᠡ᠃ ᠥᠷᠯᠥᠭᠡ ᠶᠢᠨ ᠨᠡᠷᠡᠨ ᠤ ᠭᠡᠷᠡᠯ ᠠᠯᠲᠠᠨ ᠰᠢᠷᠭᠠᠯ ᠡᠯᠡᠰᠦᠨ ᠲᠤᠪᠤ ᠳᠡᠭᠡᠷ᠎ᠡ ᠲᠤᠰᠴᠤ᠂ ᠠᠵᠢᠯᠴᠢᠳ ᠡᠳᠦᠷ | ᠪᠦᠷᠢ ᠶᠢᠨ ᠵᠤᠷᠰᠢᠯ ᠶᠣᠰᠣᠭᠠᠷ ᠠᠮᠤᠷ ᠲᠦᠪᠰᠢᠨ ᠤ ᠬᠤᠷᠠᠯ ᠬᠢᠵᠦ᠂ ᠴᠡᠭᠡᠨ ᠥᠩᠭᠡ ᠲᠠᠢ ᠤᠤᠵᠢ ᠡᠮᠦᠰᠴᠦ᠂ ᠡᠯᠡᠰᠦᠷᠬᠡᠭ ᠭᠠᠵᠠᠷ ᠲᠤ ᠶᠠᠭᠠᠷᠠᠯᠳᠤᠨ᠎ᠠ᠃ ᠡᠯᠡᠰᠦ | ᠮᠠᠩᠬ᠎ᠠ ᠶᠢ ᠵᠠᠰᠠᠬᠤ ᠠᠵᠢᠯᠴᠢᠳ ᠤᠨ ᠤᠷᠠᠨ ᠭᠠᠷ ᠲᠠᠬᠢ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠠᠵᠢᠯ ᠳᠤ ᠨᠢᠭᠡ ᠰᠠᠭᠤᠷᠢ ᠰᠡᠯᠭᠦᠭᠡ ᠭᠥᠯᠢᠭᠡᠷ ᠡᠯᠡᠰᠦ | ᠮᠠᠩᠬ᠎ᠠ ᠶᠢ ᠴᠥᠮ ᠬᠤᠴᠢᠪᠠ᠃ | ᠤᠢᠢᠯᠠᠭᠠᠬᠰᠠᠨ ᠢᠶᠠᠷ᠂ 2024 ᠤᠨ ᠠᠴᠠ ᠨᠠᠭᠠᠰᠢ᠂ ᠲᠠᠯᠠᠳ ᠬᠤᠰᠢᠭᠤ ︽ᠭᠤᠷᠪᠠᠨ ᠤᠮᠠᠷᠠᠳᠤ︾ ᠶᠢᠨ ᠢᠨᠵᠧᠨᠧᠷᠢᠩ ᠤᠨ ᠠᠮᠢ ᠠᠬᠤᠢ ᠶᠢᠨ | ᠪᠦᠳᠦᠭᠡᠨ ᠪᠠᠶᠢᠭᠤᠯᠤᠯᠳᠠ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠠᠭᠢᠴᠠ ᠲᠤᠮᠳᠠ᠂ ᠮᠠᠯᠴᠢᠨ ᠲᠠᠷᠢᠶᠠᠴᠢᠳ ᠤᠨ ᠰᠢᠭᠤᠳ ᠤᠷᠤᠯᠴᠠᠬᠰᠡᠨ | ᠨᠤᠷᠮ᠎ᠠ ᠨᠢᠭᠡᠨᠳᠠ 60% ᠶᠢ ᠲᠠᠪᠠᠵᠤ᠂ ᠤᠷᠤᠯᠴᠠᠬᠰᠡᠨ ᠭᠦᠮᠦᠨ ᠤᠳᠠᠭ᠎ᠠ 1 ᠲᠦᠮᠡᠨ ᠬᠦᠷᠦᠭᠰᠡᠨ ᠪᠠᠶᠢᠨ᠎ᠠ᠃ ᠠᠵᠢᠯ ᠣᠯᠭᠤᠯᠲᠠ ᠪᠠᠷ ᠲᠡᠳᠬᠦᠮᠵᠢ ᠶᠢ | ᠣᠷᠣᠯᠠᠭᠤᠯᠬᠤ ᠵᠠᠭᠪᠤᠷ ᠢᠶᠠᠷ ᠳᠠᠮᠵᠢᠭᠤᠯᠤᠨ᠂ ᠡᠯ᠎ᠡ ᠲᠥᠷᠥᠯ ᠤᠨ ᠣᠶ ᠰᠢᠭᠤᠶ ᠡᠪᠡᠰᠦ ᠪᠡᠯᠴᠢᠭᠡᠷ ᠤᠨ ᠲᠥᠷᠥᠯ ᠵᠦᠢᠯ ᠨᠢ ᠲᠤᠬᠠᠶ ᠶᠢᠨ ᠭᠠᠵᠠᠷ ᠤᠨ ᠬᠥᠳᠡᠯᠮᠦᠷᠢ | ᠬᠦᠴᠦᠨ ᠢ ᠨᠡᠶᠢᠲᠡ 2450 ᠬᠥᠮᠦᠨ ᠣᠷᠣᠭᠤᠯᠵᠤ᠂ ᠬᠥᠮᠦᠨ ᠪᠦᠷᠢ ᠶᠢᠨ ᠳᠤᠮᠳᠠᠴᠢ ᠶᠢᠨ ᠣᠷᠣᠯᠭ᠎ᠠ ᠲᠦᠮᠡᠨ ᠲᠥᠭᠦᠷᠢᠭ ᠰᠢᠬᠠᠮ ᠨᠡᠮᠡᠭᠳᠡᠵᠦ᠂ ᠨᠡᠶᠢᠲᠡ | 2400 ᠭᠠᠷᠤᠶ ᠲᠦᠮᠡᠨ ᠲᠥᠭᠦᠷᠢᠭ ᠤᠨ ᠬᠥᠳᠡᠯᠮᠦᠷᠢ ᠶᠢᠨ ᠬᠥᠯᠥᠰᠥ ᠣᠯᠭᠤᠮᠵᠢ ᠲᠠᠷᠬᠠᠭᠠᠪᠠ᠃ ᠡᠨᠡ ᠬᠦ ᠵᠠᠬᠪᠤᠷ ᠤᠨ ᠲᠠᠭᠠᠭᠤᠯᠭ᠎ᠠ ᠲᠤᠤᠷ᠎ᠠ᠂ ᠲᠠᠯᠠᠳ | ᠬᠤᠰᠢᠭᠤᠨ ᠤ ᠡᠯᠡᠰᠤ ᠶᠢ ᠰᠡᠷᠭᠡᠶᠢᠯᠡᠵᠤ ᠡᠯᠡᠰᠦ ᠶᠢ ᠵᠠᠰᠠᠬᠤ ᠠᠵᠢᠯ ᠠᠭᠠᠵᠢᠮ ᠢᠶᠠᠷ ᠵᠠᠰᠠᠭ ᠤᠨ ᠤᠷᠳᠤᠨ ᠢᠶᠠᠷ ᠭᠤᠤᠯᠯᠠᠭᠤᠯᠵᠤ ᠪᠠᠶᠢᠭᠰᠠᠨ ᠠᠴᠠ ᠪᠥᠬᠦ | ᠠᠷᠠᠳ ᠢᠶᠠᠷ ᠢᠶᠠᠨ ᠤᠷᠤᠯᠴᠠᠬᠰᠠᠨ ᠪᠤᠯᠭᠠᠨ ᠬᠤᠪᠢᠷᠠᠭᠤᠯᠵᠤ᠂ ᠬᠦᠮᠤᠨ ᠪᠤᠯᠤᠨ ᠪᠠᠶᠢᠭᠠᠯᠢ ᠡᠶ᠎ᠡ ᠵᠤᠬᠢᠴᠠᠩᠭᠤᠢ ᠬᠠᠮᠳᠤ ᠪᠠᠷ ᠤᠷᠤᠰᠢᠬᠤ ᠶᠢ ᠪᠠᠶᠠᠯᠡᠬᠦᠯᠤᠨ᠂ ᠠᠮᠢ | ᠠᠬᠤᠢ ᠶᠢᠨ ᠪᠦᠳᠦᠭᠡᠨ ᠪᠠᠶᠢᠭᠤᠯᠤᠯᠳᠠ ᠪᠤᠯᠤᠨ ᠠᠵᠤ ᠠᠬᠤᠢ ᠶᠢᠨ ᠭᠦᠭᠵᠢᠯᠳᠠ ᠶᠢ ᠵᠡᠷᠭᠡ ᠪᠠᠷ ᠠᠬᠢᠭᠤᠯᠵᠤ᠂ ᠡᠯᠡᠰᠦ ᠶᠢ ᠵᠠᠰᠠᠬᠤ ᠪᠠ ᠪᠠᠶᠠᠵᠢᠨ ᠴᠢᠨᠡᠭᠡᠯᠢᠭᠵᠢᠵᠤ | ᠬᠠᠮᠳᠤ ᠪᠠᠷ ᠠᠰᠢᠭ ᠬᠦᠷᠳᠡᠬᠦ ᠰᠠᠶᠢᠨ ᠰᠠᠶᠢᠬᠠᠨ ᠪᠠᠶᠢᠳᠠᠯ ᠢ ᠪᠦᠷᠢᠯᠳᠦᠬᠦᠯᠵᠤ᠂ ᠨᠢᠭᠡ ᠯᠡ ᠲᠡᠭᠡᠷ᠎ᠡ ᠤᠯᠠᠨᠳᠠ ᠤᠯᠤᠬᠰᠠᠨ ᠦᠷ᠎ᠠ ᠪᠦᠳᠤᠭᠡᠯ ᠢ ᠤᠯᠤᠬᠰᠠᠨ | ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠳᠠᠯᠠᠳ ᠬᠤᠰᠢᠭᠤ ᠦᠷᠭᠦᠯᠵᠢᠯᠡᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠰᠢᠰᠲ᠋ᠧᠮ ᠲᠠᠢ ᠬᠤᠷᠠᠮᠳᠤᠭᠤᠯᠬᠤ᠂ | ᠬᠥᠭᠵᠢᠯᠲᠡ ᠪᠠᠷ ᠠᠷᠠᠳ ᠲᠤ ᠠᠰᠢᠭ ᠬᠦᠷᠲᠡᠭᠡᠵᠦ᠂ ᠵᠣᠷᠢᠭ ᠰᠠᠨᠠᠭ᠎ᠠ ᠶᠢ ᠲᠡᠳᠬᠦᠬᠦ ᠪᠠ ᠤᠶᠤᠨ ᠤᠬᠠᠭᠠᠨ ᠢ ᠲᠡᠳᠬᠦᠬᠦ ᠶᠢ ᠤᠶᠠᠯᠳᠤᠭᠤᠯᠵᠤ᠂ ᠤᠯᠠᠨ | ᠬᠥᠳᠡᠯᠮᠦᠷᠢ ᠶᠢ ᠢᠯᠡᠭᠦᠬᠡᠨ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ︽ᠤᠷ᠎ᠠ | ᠴᠢᠳᠠᠪᠤᠷᠢ ᠶᠢᠨ ᠪᠣᠯᠪᠠᠰᠤᠷᠠᠯ ᠬᠢᠵᠦ ᠬᠥᠳᠡᠯᠮᠦᠷᠢ ᠶᠢᠨ ᠣᠷᠣᠯᠭ᠎ᠠ ᠶᠢ ᠨᠡᠮᠡᠭᠳᠡᠭᠦᠯᠬᠦ ᠬᠡᠪ ᠴᠢᠨᠠᠷ ᠢ ᠳᠡᠭᠡᠭᠰᠢᠯᠡᠭᠦᠯᠬᠦ︾ ᠭᠤᠷᠪᠠ ᠶᠢ ᠨᠢᠭᠡ ᠴᠤᠬᠴᠠᠵᠢᠭᠤᠯᠤᠭᠰᠠᠨ ︽ | ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠬᠥᠭᠵᠢᠯᠲᠡ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ︽ᠭᠤᠷᠪᠠᠨ ᠤᠮᠠᠷᠠᠲᠤ︾ ᠵᠡᠷᠭᠡ | ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠠᠵᠢᠯ | ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠵᠠᠭᠪᠤᠷ ᠢ ᠭᠦᠨᠵᠡᠭᠡᠶᠢᠷᠡᠭᠦᠯᠵᠦ᠂ ᠪᠠᠶᠠᠨ ᠴᠢᠨᠡᠭᠡᠯᠢᠭ ᠬᠠᠮᠲᠤᠪᠠᠷ ᠬᠥᠭᠵᠢᠬᠦ᠂ ᠬᠠᠮᠲᠤᠪᠠᠷ ᠪᠠᠶᠠᠵᠢᠵᠤ᠂ ᠬᠠᠮᠲᠤᠪᠠᠷ | ᠡᠳ᠋ᠯᠡᠬᠦ ᠶᠢ ᠴᠢᠷᠮᠠᠶᠢᠨ ᠪᠡᠶᠡᠯᠡᠭᠦᠯᠦᠨ᠎ᠡ᠃ | |