ᠣᠶᠢᠷ᠎ᠠ ᠶᠢᠨ ᠡᠳᠦᠷ᠂ ᠳᠠᠯᠠᠳ ᠬᠤᠰᠢᠭᠤᠨ ᠤ ᠪᠠᠢ ᠨᠢ ᠵᠢᠩ ᠪᠠᠯᠭᠠᠰᠤᠨ ᠳᠤ ᠪᠠᠶᠢᠭ᠎ᠠ ᠹᠧᠢ ᠳ᠋ᠥᠸᠧ ᠶᠢᠨ ᠵᠢᠯ ᠳᠤ 25 ᠲᠦᠮᠡᠨ ᠲᠣᠨ ᠠᠮᠢ ᠠᠬᠤᠢ ᠶᠢᠨ | ᠪᠣᠷᠳᠣᠭᠤᠷ ᠦᠢᠯᠡᠳᠪᠦᠷᠢᠯᠡᠬᠦ ᠠᠩᠬᠠᠳᠤᠭᠠᠷ ᠬᠤᠭᠤᠴᠠᠭᠠᠨ ᠤ ᠲᠦᠷᠦᠯ ᠵᠦᠢᠯ ᠵᠢᠩᠬᠢᠨᠢ ᠪᠠᠷ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠲᠠᠷᠢᠶᠠᠯᠠᠩ ᠤᠨ | ᠦᠢᠯᠡᠳᠪᠦᠷᠢᠯᠡᠯ ᠳᠤ ᠪᠠᠲᠤ ᠪᠠᠬᠢ ᠡᠳ᠋ ᠪᠣᠳᠠᠰ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ | ᠹᠧᠢ ᠳ᠋ᠥᠸᠧ ᠶᠢᠨ ᠪᠣᠯ ᠣᠷᠳᠣᠰ ᠬᠤᠲᠠ ᠶᠢᠨ ᠶᠢᠨ ᠶᠤᠸᠠᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ | ᠬᠠᠷᠢᠶᠠᠨ ᠳᠠᠬᠢ ᠪᠢᠴᠢᠯ ᠠᠮᠢ ᠠᠬᠤᠢ ᠶᠢᠨ ᠪᠣᠷᠳᠣᠭᠤᠷ ᠵᠠᠬᠢᠶᠠᠯᠠᠨ ᠦᠢᠯᠡᠳᠬᠦ ᠦᠢᠯᠡᠴᠢᠯᠡᠭᠡᠨ ᠤ ᠲᠦᠷᠦᠯ ᠲᠡᠮᠳᠡᠭᠲᠦ ᠪᠣᠯᠣᠨ᠎ᠠ᠃ ᠺᠤᠮᠫᠠᠨᠢ ᠨᠢ ᠬᠢᠮᠢ ᠶᠢᠨ | ᠪᠣᠷᠳᠣᠭᠤᠷ ᠤᠨ ᠠᠵᠤ ᠦᠢᠯᠡᠰ ᠤᠨ ᠪᠣᠬᠢᠷᠳᠤᠯ ᠦᠭᠡᠢ ᠪᠠᠷ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠵᠢᠴᠢ ᠲᠠᠷᠢᠶᠠᠯᠠᠩ ᠤᠨ ᠣᠳᠣᠬᠢᠴᠢᠯᠠᠯᠲᠠ᠂ | ᠦᠷᠭᠦᠯᠵᠢᠯᠡᠭᠰᠡᠨ ᠬᠥᠭᠵᠢᠯᠲᠡ ᠶᠢᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ᠂ ᠱᠠᠨᠳᠦ᠋ᠩ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ | ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠲᠠᠢ ᠬᠠᠮᠲᠤᠷᠠᠨ ᠠᠵᠢᠯᠯᠠᠵᠤ᠂ ᠳᠠᠯᠠᠳ ᠬᠤᠰᠢᠭᠤᠨ ᠤ ᠪᠢᠴᠢᠯ ᠪᠣᠷᠳᠣᠭᠤᠷ ᠤᠨ ᠲᠤᠰᠬᠠᠢ ᠮᠡᠷᠭᠡᠵᠢᠯᠲᠡᠨ ᠤ | ᠬᠦᠷᠢᠶᠡᠯᠡᠩ ᠢ ᠬᠠᠮᠲᠤ ᠪᠠᠷ ᠪᠠᠶᠢᠭᠤᠯᠵᠤ᠂ ᠶᠠᠰᠤ ᠴᠢᠨᠠᠷ ᠢᠶᠠᠷ ᠰᠢᠯᠢᠳᠡᠭ ᠰᠠᠶᠢᠨ᠂ ᠣᠷᠴᠢᠨ ᠲᠣᠭᠤᠷᠢᠨ ᠢ ᠬᠠᠮᠠᠭᠠᠯᠠᠵᠤ ᠥᠨᠳᠥᠷ ᠦᠷ᠎ᠡ ᠪᠦᠲᠦᠮᠵᠢᠲᠡᠶ᠂ ᠤᠮᠠᠷᠠᠲᠤ | ᠣᠷᠣᠨ ᠤ ᠡᠬᠡ ᠭᠠᠵᠠᠷ ᠲᠤ ᠳᠡᠯᠭᠡᠷᠡᠭᠦᠯᠦᠨ ᠬᠡᠷᠡᠭᠯᠡᠬᠦ ᠳᠤ ᠲᠣᠬᠢᠷᠠᠮᠵᠢᠲᠠᠢ ᠠᠮᠢ ᠠᠬᠤᠢ ᠶᠢᠨ ᠣᠷᠭᠠᠨᠢᠭ ᠪᠣᠷᠳᠣᠭᠤᠷ ᠢ ᠦᠢᠯᠡᠳᠪᠦᠷᠢᠯᠡᠬᠦ ᠳᠤ ᠬᠦᠴᠦᠯᠡᠵᠦ᠂ ᠪᠦᠭᠦ | ᠠᠵᠢᠯ ᠲᠥᠷᠥᠯ ᠤᠨ ᠬᠢᠨ ᠳᠤ ᠲᠦᠷᠦᠭᠦᠯᠡᠨ ᠬᠡᠷᠡᠭᠯᠡᠭᠴᠢᠳ ᠲᠤ ︽ᠰᠦᠢᠳᠬᠡᠯ ᠬᠤᠷᠢᠶᠠᠬᠤ ᠦᠭᠡᠢ ᠪᠠᠷ ᠬᠥᠷᠥᠰᠥ ᠰᠢᠷᠣᠢ ᠶᠢ ᠬᠡᠮᠵᠢᠵᠦ ᠪᠣᠷᠳᠣᠭᠤᠷ ᠤᠷᠤᠭᠤᠯᠬᠤ | + ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠪᠣᠷᠳᠣᠭᠤᠷ ᠵᠠᠬᠢᠶᠠᠯᠠᠨ ᠦᠢᠯᠡᠳᠬᠦ ᠦᠢᠯᠡᠴᠢᠯᠡᠭᠡ︾ ᠶᠢ ᠦᠨᠡᠨ ᠬᠦ ᠬᠠᠩᠭᠠᠬᠤ ᠶᠢ ᠰᠠᠨᠠᠭᠠᠴᠢᠯᠠᠵᠤ᠂ ᠲᠠᠷᠢᠶᠠᠨ | ᠭᠠᠵᠠᠷ ᠤᠨ ᠴᠢᠨᠠᠷ ᠢ ᠳᠡᠭᠡᠭᠰᠢᠯᠡᠭᠦᠯᠭᠦ᠂ ᠲᠠᠷᠢᠶᠠᠴᠢᠳ ᠤᠨ ᠥᠪᠡᠷ ᠤᠨ ᠥᠷᠲᠡᠭ ᠢ ᠪᠠᠭᠤᠷᠠᠭᠤᠯᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠤᠨ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠬᠦ ᠪᠣᠯᠣᠨ᠎ᠠ᠃ | ᠣᠶᠢᠯᠠᠭᠠᠭᠰᠠᠨ ᠢᠶᠠᠷ᠂ ᠹᠧᠢ ᠳ᠋ᠥᠸᠧ ᠶᠢᠨ ᠠᠮᠢ ᠠᠬᠤᠢ ᠶᠢᠨ ᠪᠣᠷᠳᠣᠭᠤᠷ ᠤᠨ ᠲᠥᠷᠥᠯ ᠵᠦᠢᠯ ᠢ 2024 ᠣᠨ ᠤ 3 ᠰᠠᠷ᠎ᠠ ᠠᠴᠠ ᠡᠬᠢᠯᠡᠨ ᠪᠠᠶᠢᠭᠤᠯᠵᠤ᠂ | ᠬᠤᠶᠠᠷ ᠬᠤᠭᠤᠴᠠᠭ᠎ᠠ ᠬᠤᠪᠢᠶᠠᠨ ᠠᠬᠢᠭᠤᠯᠵᠤ᠂ ᠨᠡᠶᠢᠲᠡ 7500 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠣᠳᠣᠬᠠᠨ ᠳᠤ | ᠠᠩᠬᠠᠳᠤᠭᠠᠷ ᠬᠤᠭᠤᠴᠠᠭᠠᠨ ᠤ ᠲᠥᠷᠥᠯ ᠵᠦᠢᠯ ᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠲᠥᠯᠥᠪᠯᠡᠭᠰᠡᠨ ᠪᠢᠴᠢᠯ᠂ ᠣᠷᠭᠠᠨᠢᠭ ᠲᠥᠷᠥᠯ ᠤᠨ ᠬᠤᠯᠢᠮᠠᠭ | ᠪᠣᠷᠳᠣᠭᠤᠷ᠂ ᠤᠰᠤᠨ ᠳᠤ ᠠᠭᠤᠰᠬᠤ ᠪᠣᠷᠳᠣᠭᠤᠷ᠂ ᠰᠢᠩᠭᠡᠨ ᠪᠡᠶᠡᠲᠦ ᠪᠣᠷᠳᠣᠭᠤᠷ᠂ ᠬᠥᠷᠥᠰᠥ ᠰᠢᠷᠣᠢ ᠶᠢ ᠵᠣᠬᠢᠴᠠᠭᠤᠯᠬᠤ ᠡᠳ᠋ ᠵᠡᠷᠭᠡ ᠡᠯ᠎ᠡ ᠲᠥᠷᠥᠯ ᠤᠨ ᠴᠢᠨᠠᠷ | ᠰᠠᠶᠢᠲᠠᠢ ᠪᠣᠷᠳᠣᠭᠤᠷ ᠤᠨ ᠦᠢᠯᠡᠳᠪᠦᠷᠢᠯᠡᠬᠦ ᠴᠢᠳᠠᠪᠤᠷᠢ ᠨᠢ 25 ᠲᠦᠮᠡᠨ ᠲᠣᠨ ᠠᠴᠠ ᠳᠡᠭᠡᠭᠰᠢ ᠪᠠᠶᠢᠵᠤ᠂ ᠵᠢᠯ ᠤᠨ ᠦᠢᠯᠡᠳᠬᠦᠨ ᠤ ᠥᠷᠲᠡᠭ ᠨᠢ ᠪᠠᠷᠤᠭ 8 ︱ | 10 ᠳ᠋ᠦᠩᠰᠢᠭᠤᠷ ᠲᠥᠭᠦᠷᠢᠭ ᠪᠠᠶᠢᠵᠤ᠂ ᠠᠰᠢᠭ ᠤᠷᠤᠯᠭ᠎ᠠ ᠶᠢᠨ ᠭᠠᠶᠢᠯᠢ ᠨᠢ 1 ᠳ᠋ᠦᠩᠰᠢᠭᠤᠷ ᠲᠥᠭᠦᠷᠢᠭ ᠣᠷᠴᠢᠮ ᠬᠦᠷᠬᠦ ᠪᠣᠯᠣᠨ᠎ᠠ᠃ ᠬᠤᠶᠠᠳᠤᠭᠠᠷ | ᠬᠤᠭᠤᠴᠠᠭᠠᠨ ᠤ ᠲᠥᠷᠥᠯ ᠵᠦᠢᠯ ᠳᠤ ᠵᠢᠯ ᠳᠤ 25 ᠲᠦᠮᠡᠨ ᠲᠣᠨ ᠠᠮᠢᠳᠤ ᠪᠣᠳᠠᠰ ᠤᠨ ᠣᠷᠭᠠᠨᠢᠭ ᠪᠣᠷᠳᠣᠭᠤᠷ ᠦᠢᠯᠡᠳᠪᠦᠷᠢᠯᠡᠬᠦ ᠲᠥᠷᠥᠯ ᠵᠦᠢᠯ ᠢ | ᠦᠷᠭᠦᠯᠵᠢᠯᠡᠨ ᠰᠢᠨ᠎ᠡ ᠪᠠᠷ ᠪᠠᠶᠢᠭᠤᠯᠵᠤ᠂ ᠬᠥᠷᠥᠰᠥ ᠰᠢᠷᠣᠢ ᠶᠢ ᠰᠢᠯᠭᠠᠨ ᠪᠠᠶᠢᠴᠠᠭᠠᠬᠤ ᠲᠥᠪ ᠢ ᠢᠵᠢ ᠪᠦᠷᠢᠳᠦᠭᠦᠯᠦᠨ ᠪᠠᠶᠢᠭᠤᠯᠵᠤ᠂ ᠵᠢᠯ ᠪᠦᠷᠢ ᠲᠠᠷᠢᠶᠠᠴᠢᠳ ᠲᠤ | ᠰᠦᠢᠳᠬᠡᠯ ᠬᠤᠷᠢᠶᠠᠬᠤ ᠦᠭᠡᠢ ᠪᠠᠷ 2 ᠲᠦᠮᠡᠨ ᠬᠤᠪᠢ ᠠᠴᠠ ᠳᠡᠭᠡᠭᠰᠢ ᠬᠥᠷᠥᠰᠥ ᠰᠢᠷᠣᠢ ᠶᠢᠨ ᠥᠯᠢᠭᠡᠷ ᠡᠳ᠋ ᠢ ᠰᠢᠯᠭᠠᠨ ᠪᠠᠶᠢᠴᠠᠭᠠᠵᠤ ᠥᠭᠭᠦᠨ᠎ᠡ᠃ ᠲᠦᠷᠦᠯ | ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠤᠮᠠᠷᠠᠲᠤ ᠶᠢᠨ ᠠᠮᠤ ᠪᠤᠳᠠᠭ᠎ᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠰᠢᠨᠵᠢ ᠴᠢᠨᠠᠷ ᠪᠣᠯᠣᠨ ᠠᠮᠢᠳᠤ | ᠪᠣᠳᠠᠰ ᠤᠨ ᠢᠳᠡᠪᠬᠢ ᠴᠢᠨᠠᠷ ᠢ ᠰᠠᠶᠢᠵᠢᠷᠠᠭᠤᠯᠵᠤ᠂ ᠬᠥᠷᠥᠰᠥ ᠰᠢᠷᠣᠢ ᠶᠢᠨ ᠥᠩ ᠰᠢᠮ᠎ᠡ ᠶᠢ ᠳᠡᠭᠡᠭᠰᠢᠯᠡᠭᠦᠯᠦᠨ᠂ ᠲᠠᠷᠢᠮᠠᠯ ᠤᠨ ᠤᠨᠠᠯᠲᠠ ᠶᠢ ᠨᠡᠮᠡᠭᠳᠡᠭᠦᠯᠵᠦ ᠴᠢᠨᠠᠷ ᠢ | ᠳᠡᠭᠡᠭᠰᠢᠯᠡᠭᠦᠯᠭᠦ ᠳᠤ ᠲᠤᠰᠠᠲᠠᠢ ᠪᠠᠶᠢᠵᠤ᠂ ᠬᠢᠮᠢ ᠶᠢᠨ ᠪᠣᠷᠳᠣᠭᠤᠷ ᠤᠨ ᠣᠷᠴᠢᠨ ᠲᠣᠭᠤᠷᠢᠨ ᠤ ᠪᠣᠬᠢᠷᠳᠤᠯ ᠢ ᠪᠠᠭᠠᠰᠬᠠᠨ᠂ ᠪᠣᠬᠢᠷᠳᠤᠯ ᠦᠭᠡᠢ ᠦᠷᠭᠦᠯᠵᠢᠯᠡᠭᠰᠡᠨ | ᠬᠥᠭᠵᠢᠯᠲᠡ ᠶᠢ ᠪᠡᠶᠡᠯᠡᠭᠦᠯᠬᠦ ᠪᠣᠯᠣᠨ᠎ᠠ ᠃ | |