ᠰᠢ ᠶᠤᠸᠠᠨ ᠵᠡᠭᠡᠯᠢ ᠭᠤᠳᠤᠮᠵᠢ᠄ ᠲᠥᠯᠥᠭᠡᠯᠡᠭᠴᠢᠳ ᠤᠨ ᠳᠤᠭᠤᠶᠢᠯᠠᠩ ᠢᠶᠠᠷ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠶᠠᠰᠤ ᠴᠢᠨᠠᠷ ᠤᠨ ᠦᠷ᠎ᠡ ᠪᠦᠲᠦᠮᠵᠢ ᠶᠢ ᠪᠠᠲᠤᠯᠠᠬᠤ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2025/5/7
   ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠵᠠᠰᠠᠭ ᠤᠨ ᠶᠠᠪᠤᠳᠠᠯ ᠢ ᠵᠥᠪᠯᠡᠬᠦ ᠲᠥᠯᠥᠭᠡᠯᠡᠭᠴᠢ ᠶᠢᠨ ᠬᠢᠨᠠᠯᠲᠠ ᠲᠠᠯᠪᠢᠬᠤ ︽ᠬᠥᠳᠡᠯᠭᠡᠬᠦ ᠬᠦᠴᠦᠨ︾ ᠢ ᠭᠦᠢᠴᠡᠳ ᠬᠥᠭᠵᠢᠭᠡᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ︽ᠲᠥᠯᠥᠪᠵᠢᠭᠦᠯᠭᠡ ᠶᠢᠨ ᠵᠢᠷᠤᠭ︾ ᠠᠴᠠ ︽ᠪᠣᠳᠠᠲᠤ ᠦᠵᠡᠮᠵᠢ ᠶᠢᠨ ᠵᠢᠷᠤᠭ︾ ᠪᠣᠯᠭᠠᠨ ᠬᠤᠪᠢᠷᠠᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠰᠢ ᠶᠤᠸᠠᠨ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠰᠢ ᠶᠤᠸᠠᠨ ᠨᠡᠶᠢᠭᠡᠮ ᠲᠣᠭᠤᠷᠢᠭ ᠤᠨ ᠰᠣᠩᠭᠤᠭᠤᠯᠢ ᠶᠢᠨ ᠲᠣᠭᠤᠷᠢᠭ ᠤᠨ ᠲᠥᠯᠥᠭᠡᠯᠡᠭᠴᠢ ᠶᠢᠨ ᠠᠵᠢᠯᠯᠠᠭ᠎ᠠ ᠶᠢᠨ ᠳᠤᠭᠤᠶᠢᠯᠠᠩ ᠢ ᠵᠣᠬᠢᠶᠠᠨ ᠪᠠᠶᠢᠭᠤᠯᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠡᠢ᠃   ᠳ᠋ᠢᠩ ᠬᠤᠤ ᠰᠠᠭᠤᠭᠠᠯᠢ ᠠᠷᠠᠳ ᠤᠨ ᠲᠣᠭᠤᠷᠢᠭ ᠤᠨ ᠵᠢᠵᠢᠭ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠠᠲᠠᠭᠤᠷᠠᠭᠤᠯᠬᠤ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠳᠤ᠂ ᠠᠵᠢᠯᠯᠠᠭ᠎ᠠ ᠶᠢᠨ ᠳᠤᠭᠤᠶᠢᠯᠠᠩ ᠢ ᠲᠥᠯᠥᠭᠡᠯᠡᠨ ︽ᠦᠵᠡᠬᠦ᠂ ᠰᠣᠨᠣᠰᠬᠤ᠂ ᠠᠰᠠᠭᠤᠬᠤ᠂ ᠶᠠᠷᠢᠯᠴᠠᠬᠤ︾ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠡᠵᠡᠮᠳᠡᠬᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠬᠠᠨᠳᠤᠰᠢ ᠵᠡᠷᠭᠡ ᠤᠯᠠᠨ ᠵᠠᠩᠭᠢᠯᠠᠭ᠎ᠠ ᠶᠢᠨ ᠭᠤᠭᠴᠤᠭ᠎ᠠ ᠳᠤ ᠪᠦᠬᠦ ᠲᠠᠯ᠎ᠠ ᠶᠢᠨ ᠬᠢᠨᠠᠯᠲᠠ ᠲᠠᠯᠪᠢᠵᠤ ᠪᠠᠶᠢᠴᠠᠭᠠᠯᠲᠠ ᠬᠢᠪᠡ᠃ ᠲᠥᠯᠥᠭᠡᠯᠡᠭᠴᠢᠳ ᠪᠠᠷᠢᠯᠭ᠎ᠠ ᠶᠢᠨ ᠲᠠᠯ᠎ᠠ ᠪᠣᠯᠤᠨ ᠰᠠᠭᠤᠭᠠᠯᠢ ᠠᠷᠠᠳ ᠤᠨ ᠲᠥᠯᠥᠭᠡᠯᠡᠭᠴᠢᠳ ᠲᠠᠢ ᠨᠠᠷᠢᠨ ᠬᠢᠨᠠᠮᠠᠭᠠᠶ ᠨᠡᠪᠲᠡᠷᠡᠯᠴᠡᠨ ᠰᠣᠯᠢᠯᠴᠠᠵᠤ᠂ ᠪᠠᠷᠢᠯᠭ᠎ᠠ ᠶᠢᠨ ᠨᠠᠷᠢᠨ ᠵᠦᠢᠯᠡᠰ ᠢ ᠨᠠᠷᠢᠨ ᠨᠢᠮᠪᠠᠶ ᠪᠠᠶᠢᠴᠠᠭᠠᠨ ᠦᠵᠡᠵᠦ᠂ ᠲᠥᠷᠥᠯ ᠵᠦᠢᠯ ᠤᠨ ᠬᠠᠷᠢᠭᠤᠴᠠᠯᠭᠠᠲᠠᠨ ᠤ ᠪᠠᠷᠢᠯᠭ᠎ᠠ ᠶᠢᠨ ᠲᠥᠰᠦᠯ᠂ ᠪᠠᠷᠢᠯᠭ᠎ᠠ ᠶᠢᠨ ᠠᠬᠢᠴᠠ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢᠨ ᠲᠠᠯ᠎ᠠ ᠪᠠᠷ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠶᠢᠬᠤ ᠡᠰᠡᠬᠦ᠂ ᠴᠢᠳᠠᠮᠵᠢ ᠶᠢᠨ ᠲᠣᠬᠢᠷᠠᠭᠤᠯᠤᠯᠲᠠ ᠨᠢ ᠰᠠᠭᠤᠭᠠᠯᠢ ᠠᠷᠠᠳ ᠤᠨ ᠣᠯᠠᠨ ᠡᠰᠢᠲᠦ ᠬᠡᠷᠡᠭᠴᠡᠭᠡ ᠶᠢ ᠬᠠᠩᠭᠠᠬᠤ ᠡᠰᠡᠬᠦ ᠵᠡᠷᠭᠡ ᠲᠠᠯ᠎ᠠ ᠪᠠᠷ ᠨᠡᠪᠲᠡᠷᠡᠯᠴᠡᠨ ᠰᠤᠳᠤᠯᠤᠨ ᠶᠠᠷᠢᠯᠴᠠᠭᠰᠠᠨ ᠪᠥᠭᠡᠳ ᠰᠢᠯᠢᠳᠡᠭᠵᠢᠭᠦᠯᠬᠦ ᠰᠠᠨᠠᠭᠤᠯᠭ᠎ᠠ ᠳᠤᠷᠠᠳᠴᠤ᠂ ᠪᠠᠷᠢᠯᠭ᠎ᠠ ᠶᠢᠨ ᠲᠠᠯ᠎ᠠ ᠶᠢᠨ ᠬᠢᠨ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠠᠬᠢᠴᠠ ᠶᠢ ᠱᠠᠭᠠᠷᠳᠠᠯᠭ᠎ᠠ ᠶᠣᠰᠣᠭᠠᠷ ᠪᠠᠷᠢᠯᠭ᠎ᠠ ᠶᠢᠨ ᠠᠬᠢᠴᠠ ᠶᠢ ᠯᠠᠪᠳᠠᠭᠤᠨ ᠢᠶᠠᠷ ᠠᠬᠢᠭᠤᠯᠵᠤ᠂ ᠪᠠᠷᠢᠯᠭ᠎ᠠ ᠶᠢᠨ ᠠᠮᠤᠷ ᠲᠦᠪᠰᠢᠨ ᠢ ᠠᠩᠬᠠᠷᠴᠤ᠂ ᠪᠠᠷᠢᠯᠭ᠎ᠠ ᠶᠢᠨ ᠠᠵᠢᠯ ᠤᠨ ᠵᠢᠵᠢᠭ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠳᠤ ᠦᠵᠡᠭᠦᠯᠬᠦ ᠨᠥᠯᠥᠭᠡ ᠶᠢ ᠦᠨᠡᠨᠬᠦ ᠪᠠᠭᠠᠰᠬᠠᠬᠤ ᠬᠡᠷᠡᠭᠲᠡᠶ ᠭᠡᠵᠦ ᠱᠠᠭᠠᠷᠳᠠᠪᠠ᠃  ᠲᠥᠯᠥᠭᠡᠯᠡᠭᠴᠢᠳ ᠤᠨ ᠠᠵᠢᠯᠯᠠᠭᠠᠨ ᠤ ᠳᠤᠭᠤᠶᠢᠯᠠᠩ ᠤᠨ ᠲᠤᠰᠬᠠᠶ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠨᠢᠭᠡ ᠲᠠᠯ᠎ᠠ ᠪᠠᠷ ᠲᠥᠯᠥᠭᠡᠯᠡᠭᠴᠢᠳ ᠤᠨ ᠳᠤᠭᠤᠶᠢᠯᠠᠩ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠣᠩᠭᠤᠭᠤᠯᠢ ᠶᠢᠨ ᠠᠷᠠᠳ ᠲᠠᠢ ᠬᠠᠷᠢᠯᠴᠠᠵᠤ ᠦᠢᠯᠡᠴᠢᠯᠡᠬᠦ ᠪᠣᠳᠠᠲᠤ ᠶᠠᠪᠤᠳᠠᠯ ᠤᠨ ᠲᠥᠷᠥᠯ ᠵᠦᠢᠯ ᠳᠤ ᠨᠠᠩ ᠬᠠᠨᠳᠤᠯᠭᠠᠲᠤ ᠴᠢᠨᠠᠷᠲᠠᠶ ᠪᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠣᠯᠠᠨ ᠲᠦᠮᠡᠨ ᠤ ᠣᠷᠣᠯᠴᠠᠬᠤ᠂ ᠡᠷᠬᠡ ᠶᠢᠨ ᠬᠢᠨᠠᠯᠲᠠ ᠶᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠦᠶᠡᠯᠡᠯ ᠤᠨ ᠬᠤᠭᠤᠴᠠᠭᠠᠨ ᠳᠤ ᠭᠦᠨᠵᠡᠭᠡᠶ ᠠᠭᠤᠰᠤᠯᠴᠠᠭᠤᠯᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠳᠤ ︽ᠬᠤᠷᠳᠤᠴᠠ ᠪᠠᠨ ᠲᠦᠷᠭᠡᠳᠬᠡᠬᠦ︾ ᠳᠠᠷᠤᠪᠴᠢ ᠶᠢ ᠳᠠᠷᠤᠵᠤ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠨᠳᠦᠰᠦᠨ ᠱᠠᠲᠤᠨ ᠳᠠᠬᠢ ᠠᠮᠢᠳᠤᠯᠢᠭ ᠦᠢᠯᠡᠳᠦᠯᠭᠡ ᠶᠢ ᠠᠮᠢᠳᠤᠯᠢᠭ ᠢᠶᠠᠷ ᠢᠯᠡᠷᠡᠭᠦᠯᠦᠭᠰᠡᠨ ᠪᠠᠶᠢᠨ᠎ᠠ᠃   ᠳᠠᠷᠠᠭᠠᠴᠢ ᠶᠢᠨ ᠠᠯᠬᠤᠮ ᠳᠤ᠂ ᠰᠢ ᠶᠤᠸᠠᠨ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠡᠯ᠎ᠡ ᠰᠣᠩᠭᠤᠭᠤᠯᠢ ᠶᠢᠨ ᠲᠣᠭᠤᠷᠢᠭ ᠤᠨ ᠲᠥᠯᠥᠭᠡᠯᠡᠭᠴᠢᠳ ᠤᠨ ᠠᠵᠢᠯᠯᠠᠭ᠎ᠠ ᠶᠢᠨ ᠳᠤᠭᠤᠶᠢᠯᠠᠩ ᠢᠶᠠᠷ ᠭᠤᠣᠯ ᠴᠣᠭᠴᠠ ᠪᠣᠯᠭᠠᠵᠤ᠂ ᠰᠣᠩᠭᠤᠭᠤᠯᠢ ᠶᠢᠨ ᠲᠣᠭᠤᠷᠢᠭ ᠢᠶᠠᠷ ᠲᠥᠯᠥᠭᠡᠯᠡᠭᠴᠢᠳ ᠤᠨ ᠳᠤᠭᠤᠶᠢᠯᠠᠩ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠳᠠᠭᠠᠵᠤ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠪᠠᠷ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠤᠯᠠᠨ ᠲᠦᠮᠡᠨ ᠤ ᠰᠡᠳᠬᠢᠯ ᠬᠠᠨᠤᠮᠵᠢᠲᠠᠢ ︽ᠠᠷᠠᠳ ᠤᠨ ᠰᠡᠳᠬᠢᠯ ᠤᠨ ᠢᠨᠵᠧᠨᠧᠷᠢᠩ︾ ᠪᠣᠯᠭᠠᠨ ᠪᠠᠶᠢᠭᠤᠯᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ 
ᠢᠷᠡᠯᠲᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ