ᠳᠠᠯᠠᠳ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠪᠴᠢᠯᠠᠯ
ᠨᠡᠶᠢᠲᠡᠯᠡᠭᠰᠡᠨ ᠴᠠᠭ᠄
2025/5/7
  2024 ᠣᠨ ᠤ ᠠᠵᠢᠯ ᠤᠨ ᠡᠷᠭᠢᠴᠡᠭᠦᠯᠦᠯ  2024 ᠣᠨ ᠳᠤ᠂ ᠳᠠᠯᠠᠳ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠬᠢᠭᠡᠳ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠵᠤ᠂ ︽ᠰᠢᠨ᠎ᠡ ᠵᠠᠮ ᠢ ᠡᠷᠢᠯᠬᠢᠯᠡᠨ ᠵᠠᠭᠤᠨ ᠬᠦᠴᠦᠷᠬᠡᠭ ᠲᠤ ᠳᠡᠪᠰᠢᠬᠦ︾ ᠪᠠᠷ ᠡᠷᠡᠮᠡᠬᠡᠶᠢᠯᠡᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠪᠠᠲᠤᠲᠠᠢ ᠠᠯᠬᠤᠮ ᠢ ᠠᠯᠬᠤᠪᠠ᠃  ᠵᠢᠱᠢᠯᠲᠡ ᠪᠠᠷ ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 522 ᠳ᠋ᠦᠩᠰᠢᠭᠤᠷ ᠲᠥᠭᠦᠷᠢᠭ ᠬᠦᠷᠦᠨ᠎ᠡ᠃  ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 8.4 %  ᠪᠠᠷ ᠨᠡᠮᠡᠭᠳᠡᠪᠡ᠃  ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ160.6 ᠳ᠋ᠦᠩᠰᠢᠭᠤᠷ ᠲᠥᠭᠦᠷᠢᠭ ᠬᠦᠷᠪᠡ᠃  ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠥᠷᠲᠡᠭ 52.8 ᠳ᠋ᠦᠩᠰᠢᠭᠤᠷ ᠲᠥᠭᠦᠷᠢᠭ ᠬᠦᠷᠪᠡ᠃  ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 34.9 ᠳ᠋ᠦᠩᠰᠢᠭᠤᠷ ᠲᠥᠭᠦᠷᠢᠭ ᠬᠦᠷᠪᠡ᠃  ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠲᠣᠬᠢᠷᠠᠭᠤᠯᠵᠤ ᠪᠣᠯᠬᠤ ᠣᠷᠣᠯᠭ᠎ᠠ ᠲᠣᠰᠪᠤᠷᠢ 55695 ᠲᠥᠭᠦᠷᠢᠭ ᠪᠠ 28289 ᠲᠥᠭᠦᠷᠢᠭ ᠬᠦᠷᠪᠡ᠃  ᠰᠢᠶᠠᠨ ᠤ ᠬᠡᠪᠴᠢᠶᠠᠨ ᠤ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠨᠢ ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ ᠬᠤᠲᠠ ᠶᠢᠨ 17 ᠳ᠋ᠤᠭᠠᠷ ᠲᠤ ᠳᠡᠪᠰᠢᠨ ᠣᠷᠣᠪᠠ᠃  ᠨᠢᠭᠡ ᠵᠢᠯ ᠤᠨ ᠲᠤᠷᠰᠢ᠂ ᠡᠷᠡᠰ ᠭᠤᠶᠢᠪᠢᠰᠢ ᠦᠭᠡᠢ ᠪᠠᠷ ᠪᠡᠯᠡ ᠣᠷᠣᠭᠤᠯᠤᠯᠲᠠ ᠶᠢ ᠥᠷᠭᠡᠳᠬᠡᠨ ᠨᠡᠮᠡᠭᠳᠡᠯ ᠢ ᠲᠣᠭᠲᠠᠭᠤᠨ ᠪᠠᠶᠢᠯᠭᠠᠵᠤ᠂ ᠠᠵᠤ ᠠᠬᠤᠢ ᠶᠢᠨ ᠶᠡᠭᠡ ᠪᠠᠶᠢᠳᠠᠯ ᠢ ᠤᠯᠠᠮ ᠪᠠᠬᠢᠵᠢᠭᠦᠯᠪᠡ᠃  ᠪᠦᠬᠦ ᠵᠢᠯ ᠳᠤ 170 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 110 ᠭᠤᠣᠯᠳᠠᠯᠭ᠎ᠠ ᠲᠠᠢ ᠲᠥᠷᠥᠯ ᠵᠦᠢᠯ ᠢ ᠪᠦᠲᠦᠭᠡᠨ ᠪᠠᠶᠢᠭᠤᠯᠵᠤ ᠳᠠᠭᠤᠰᠬᠠᠪᠠ᠃  14 ᠵᠦᠢᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠭᠡᠷ᠎ᠡ ᠲᠣᠭᠲᠠᠨ ᠣᠷᠣᠭᠤᠯᠤᠨ ᠠᠪᠴᠢᠷᠠᠵᠤ᠂ ᠵᠥᠪᠳᠡᠯᠴᠡᠭᠡᠷ ᠤᠨ ᠪᠡᠯᠡ ᠮᠥᠩᠭᠦ 232.7  ᠳ᠋ᠦᠩᠰᠢᠭᠤᠷ ᠲᠥᠭᠦᠷᠢᠭ ᠬᠦᠷᠪᠡ᠃  5.6 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠢ ᠨᠠᠶᠢᠳᠠᠪᠤᠷᠢᠵᠢᠭᠤᠯᠵᠤ᠂ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠡᠷᠢᠶ᠎ᠡ︾ ᠲᠠᠪᠴᠠᠩ ᠳᠡᠭᠡᠷ᠎ᠡ ᠭᠡᠷ᠎ᠡ ᠲᠣᠭᠲᠠᠭᠰᠠᠨ ᠵᠣᠭᠤᠰ ᠤᠨ ᠲᠤᠭ᠎ᠠ 11.8 ᠳ᠋ᠦᠩᠰᠢᠭᠤᠷ ᠲᠥᠭᠦᠷᠢᠭ ᠬᠦᠷᠪᠡ᠃  ᠨᠢᠭᠡ ᠵᠢᠯ ᠤᠨ ᠲᠤᠷᠰᠢ᠂ ᠡᠷᠡᠰ ᠭᠤᠶᠢᠪᠢᠰᠢ ᠦᠭᠡᠢ ᠪᠠᠷ ᠠᠵᠤ ᠦᠢᠯᠡᠰ ᠢ ᠬᠦᠴᠦᠷᠬᠡᠭᠵᠢᠭᠦᠯᠦᠨ ᠰᠠᠭᠤᠷᠢ ᠶᠢ ᠪᠠᠬᠢᠵᠢᠭᠦᠯᠵᠦ᠂ ᠬᠥᠭᠵᠢᠯᠲᠡ ᠶᠢᠨ ᠰᠡᠯᠭᠦᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠪᠠ᠃  ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠬᠥᠭᠵᠢᠭᠦᠯᠵᠡᠢ᠃  ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠰᠦᠷᠦᠭᠵᠢᠯ ᠢ ᠬᠥᠭᠵᠢᠭᠦᠯᠵᠡᠢ᠃  ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠣᠯᠠᠨ ᠡᠰᠢᠴᠢᠯᠡᠨ ᠬᠥᠭᠵᠢᠭᠦᠯᠵᠡᠢ᠃    ᠨᠢᠭᠡ ᠵᠢᠯ ᠤᠨ ᠲᠤᠷᠰᠢ᠂ ᠡᠷᠡᠰ ᠭᠤᠶᠢᠪᠢᠰᠢ ᠦᠭᠡᠢ ᠪᠠᠷ ᠬᠠᠮᠠᠭᠠᠯᠠᠬᠤ ᠶᠢ ᠠᠳᠬᠤᠨ ᠵᠠᠰᠠᠬᠤ ᠶᠢ ᠴᠢᠩᠭᠠᠳᠬᠠᠵᠤ ᠂ ᠠᠮᠢ ᠠᠬᠤᠢ ᠣᠷᠴᠢᠨ ᠲᠣᠭᠤᠷᠢᠨ  ᠦᠷᠭᠦᠯᠵᠢᠯᠡᠨ ᠰᠠᠶᠢᠵᠢᠷᠠᠪᠠ᠃  ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠵᠤ᠂ 3 ᠵᠦᠢᠯ ᠤᠨ ᠬᠥᠪᠴᠢ ᠶᠢᠨ ᠡᠯᠡᠰᠦᠨ ᠴᠥᠯ ᠤᠨ ︽ᠭᠡᠷᠡᠯ ᠴᠡᠨᠡᠭ ᠤᠨ ᠤᠷᠲᠤ ᠴᠠᠭᠠᠨ ᠬᠡᠷᠡᠮ︾ ᠤᠨ ᠰᠢᠨ᠎ᠡ ᠡᠨᠧᠷᠭᠢ ᠪᠠᠷ ᠡᠯᠡᠰᠦ ᠶᠢ ᠵᠠᠰᠠᠬᠤ ᠲᠥᠷᠥᠯ ᠵᠦᠢᠯ ᠢ  ᠬᠡᠷᠡᠭᠵᠢᠭᠦᠯᠵᠡᠢ᠃  ᠬᠠᠲᠤᠨ ᠭᠤᠣᠯ ᠤᠨ ᠲᠣᠬᠤᠢ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠭᠦᠯᠵᠦ᠂ 24 ᠲᠦᠮᠡᠨ ᠮᠤ᠋ ᠣᠢ ᠰᠢᠭᠤᠢ ᠡᠪᠡᠰᠦᠨ ᠤ ᠠᠵᠤ ᠦᠢᠯᠡᠰ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ 756.6 ᠲᠡᠭᠰᠢ ᠳᠥᠷᠪᠡᠯᠵᠢᠨ ᠺᠢᠯᠣᠮᠧᠲᠷ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠵᠤ᠂ ᠰᠢᠨ᠎ᠡ ᠪᠠᠷ ᠨᠡᠮᠡᠭᠳᠡᠭᠰᠡᠨ ᠪᠣᠬᠢᠷᠳᠤᠯ ᠦᠭᠡᠢ ᠠᠭᠤᠷᠬᠠᠢ ᠶᠢᠨ ᠠᠭᠤᠯᠠ 3 ᠪᠠᠶᠢᠵᠤ᠂ ᠵᠦᠩ ᠾᠸᠧ ᠰᠢ ᠪᠠᠯᠭᠠᠰᠤ ︽ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠰᠢᠶᠠᠩ ᠪᠠᠯᠭᠠᠰᠤ︾ ᠶᠢᠨ ᠢᠷᠠᠭᠤ ᠠᠯᠳᠠᠷ ᠢ ᠬᠦᠷᠲᠡᠪᠡ᠃  ᠭᠤᠣᠯ ᠤᠨ ᠬᠥᠨᠳᠡᠢ ᠶᠢᠨ ᠬᠠᠮᠢᠶᠠᠷᠤᠯᠲᠠ ᠶᠢ ᠦᠷᠭᠦᠯᠵᠢᠯᠡᠨ ᠵᠢᠷᠤᠮᠵᠢᠭᠤᠯᠵᠤ᠂ ︽ᠠᠷᠪᠠᠨ ᠶᠡᠭᠡ ᠬᠥᠨᠳᠡᠢ︾ ᠶᠢᠨ ᠵᠠᠰᠠᠯᠲᠠ ᠶᠢᠨ ᠵᠠᠭᠪᠤᠷ ᠢ ᠪᠦᠬᠦ ᠤᠯᠤᠰ ᠲᠤ ᠲᠦᠭᠡᠮᠡᠯᠵᠢᠭᠦᠯᠵᠡᠢ᠃  3499 ᠮᠠᠯᠴᠢᠨ ᠲᠠᠷᠢᠶᠠᠴᠢᠨ ᠡᠷᠦᠬᠡ ᠳᠤ ᠴᠡᠪᠡᠷ ᠡᠨᠧᠷᠭᠢ ᠶᠢᠨ ᠳᠤᠯᠠᠭᠠᠯᠠᠭ᠎ᠠ ᠶᠢ  ᠬᠠᠩᠭᠠᠵᠤ᠂ 5453 ᠡᠷᠦᠬᠡ ᠬᠤᠲᠠ ᠶᠢᠨ ᠲᠣᠭᠤᠷᠢᠭ ᠤᠨ ᠨᠢᠭᠡᠳᠦᠯᠲᠡᠢ ᠳᠤᠯᠠᠭᠠᠯᠠᠭ᠎ᠠ ᠶᠢ ᠥᠭᠡᠷᠡᠴᠢᠯᠡᠵᠦ᠂ ᠪᠦᠬᠦ ᠬᠤᠰᠢᠭᠤᠨ ᠤ ᠠᠭᠠᠷ ᠤᠨ ᠶᠠᠰᠤ ᠴᠢᠨᠠᠷ 7.2 ᠬᠤᠪᠢ ᠳᠡᠭᠡᠭᠰᠢᠯᠡᠪᠡ᠃ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠨᠣᠷᠮ᠎ᠠ 100 % ᠳᠤ ᠬᠦᠷᠴᠦ᠂ ︽ᠤᠯᠤᠰ ᠤᠨ ᠣᠷᠴᠢᠨ ᠲᠣᠭᠤᠷᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠤᠷᠰᠢᠯᠲᠠ ᠶᠢᠨ ᠬᠤᠰᠢᠭᠤ︾  ᠪᠣᠯᠵᠠᠢ᠃  ᠨᠢᠭᠡ ᠵᠢᠯ ᠤᠨ ᠲᠤᠷᠰᠢ᠂ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠬᠦ ᠶᠢ ᠠᠬᠢᠭᠤᠯᠤᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠬᠥᠳᠡᠯᠭᠡᠭᠦᠷ ᠢ ᠲᠦᠷᠭᠡᠳᠬᠡᠪᠡ᠃  176 ᠵᠦᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢ ᠠᠬᠢᠭᠤᠯᠵᠤ᠂ ︽ᠬᠥᠷᠰᠢ ᠵᠡᠷᠭᠡᠯᠡᠳᠡᠭᠡ︾ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠤᠷᠰᠢᠯᠭ᠎ᠠ ᠨᠢ ︽2024 ᠣᠨ ᠤ ᠪᠦᠬᠦ ᠤᠯᠤᠰ ᠤᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ︾ ᠶᠢᠨ ᠨᠡᠶᠢᠲᠡᠯᠢᠭ ᠵᠢᠱᠢᠶ᠎ᠡ ᠪᠣᠯᠵᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠰᠤᠷᠭᠠᠭᠤᠯᠢ ︽ᠪᠦᠬᠦ ᠤᠯᠤᠰ ᠤᠨ ᠰᠢᠶᠠᠨ ᠤ ᠱᠠᠲᠤᠨ ᠤ ᠴᠢᠨᠠᠷ ᠰᠠᠶᠢᠲᠠᠢ ᠲᠠᠷᠢᠶᠠᠴᠢᠳ ᠤᠨ ᠲᠠᠷᠢᠶᠠᠨ ᠳᠤᠮᠳᠠᠬᠢ ᠰᠤᠷᠭᠠᠭᠤᠯᠢ︾ ᠪᠠᠷ ᠦᠨᠡᠯᠡᠭᠳᠡᠪᠡ᠃ ᠵᠠᠰᠠᠭ ᠤᠨ ᠣᠷᠳᠣᠨ ᠠᠴᠠ ᠨᠥᠬᠦᠪᠦᠷᠢ ᠥᠭᠬᠦ᠂ ᠭᠤᠶᠤᠴᠢᠯᠠᠬᠤ ᠦᠭᠡᠢ ᠪᠠᠷ ᠣᠯᠭᠤᠬᠤ ᠵᠡᠷᠭᠡ ᠣᠷᠣᠰᠢᠭᠤᠯᠭ᠎ᠠ  ᠶᠢᠨ ᠥᠭᠡᠷᠡᠴᠢᠯᠡᠯᠲᠡ ᠶᠢᠨ ᠦᠢᠯᠡᠴᠢᠯᠡᠭᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠡᠢ᠃  ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ︽ᠳᠠᠯᠠᠳ ᠬᠤᠰᠢᠭᠤᠨ ᠤ ᠰᠢᠭᠤᠳ ᠭᠦᠢᠴᠡᠳᠬᠡᠬᠦ︾ ᠠᠵᠢᠯ ᠤᠨ ᠠᠷᠭ᠎ᠠ ᠬᠡᠯᠪᠡᠷᠢ ᠶᠢ ᠡᠭᠦᠳᠴᠡᠢ᠃ 61 ᠨᠠᠮ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠤ ᠬᠠᠷᠢᠯᠴᠠᠬᠤ ᠠᠷᠭ᠎ᠠ ᠶᠢ ᠨᠡᠶᠢᠭᠡᠮ ᠨᠡᠶᠢᠲᠡ ᠳᠤ ᠨᠡᠶᠢᠲᠡᠯᠡᠵᠦ᠂ 104 ᠵᠦᠢᠯ ᠤᠨ ︽ᠢᠲᠡᠭᠡᠮᠵᠢ ᠶᠢᠨ ᠠᠮᠠᠯᠠᠯᠲᠠ + ᠳᠤᠲᠠᠭᠳᠠᠯ ᠪᠠᠶᠢᠬᠤ ᠪᠠᠶᠢᠳᠠᠯ ᠳᠤ ᠬᠦᠯᠢᠶᠡᠨ ᠠᠪᠴᠤ ᠰᠢᠢᠳᠪᠦᠷᠢᠯᠡᠬᠦ︾ ᠵᠠᠰᠠᠭ ᠤᠨ  ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠡᠶᠢᠲᠡᠯᠡᠵᠦ᠂ ᠪᠦᠬᠦ ᠣᠷᠣᠨ ᠤ ᠠᠩᠬᠠᠳᠠᠭᠴᠢ ᠴᠢᠨᠠᠷᠯᠢᠭ ᠰᠠᠭᠤᠷᠢ ᠲᠥᠬᠦᠭᠡᠷᠦᠮᠵᠢ ᠲᠠᠢ  ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠲᠤᠷᠰᠢᠯᠲᠠ ᠶᠢᠨ ᠬᠤᠰᠢᠭᠤ ᠪᠣᠯᠪᠠ᠃  ᠰᠢᠨᠵᠢᠯᠡᠬᠦ ᠤᠬᠠᠭᠠᠨ ᠮᠡᠷᠭᠡᠵᠢᠯ ᠤᠨ ︽ᠪᠣᠭᠤᠮᠲᠠ ᠰᠢᠪᠲᠤᠯᠬᠤ︾ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠵᠤ᠂ ᠨᠡᠭᠡᠭᠡᠯᠲᠡ ᠶᠢᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠪᠠᠶᠢᠭᠤᠯᠤᠯᠲᠠ ᠶᠢ ᠠᠰᠢᠭᠯᠠᠯᠲᠠ ᠳᠤ ᠣᠷᠣᠭᠤᠯᠵᠤ᠂ ᠳᠡᠯᠡᠬᠡᠢ ᠶᠢᠨ ᠠᠩᠬᠠᠳᠠᠭᠴᠢ ᠨᠡᠭᠦᠷᠡᠰᠦᠨ ᠳᠤ ᠤᠰᠤᠲᠦᠷᠦᠭᠴᠢ ᠬᠡᠢ ᠶᠢ ᠨᠡᠮᠡᠵᠦ ᠦᠨᠦᠷᠲᠦ ᠨᠡᠭᠦᠷᠦᠭᠴᠢ ᠪᠠ ᠮᠧᠲ᠋ᠠᠨ ᠦᠢᠯᠡᠳᠪᠦᠷᠢᠯᠡᠬᠦ ᠮᠡᠷᠭᠡᠵᠢᠯ ᠢ ᠡᠭᠦᠳᠦᠨ ᠠᠮᠵᠢᠯᠲᠠ ᠲᠠᠢ ᠪᠠᠷ ᠬᠡᠷᠡᠭᠯᠡᠯᠲᠡ ᠳᠤ ᠣᠷᠣᠭᠤᠯᠪᠠ᠃  ᠨᠢᠭᠡ ᠵᠢᠯ ᠤᠨ ᠲᠤᠷᠰᠢ᠂ ᠡᠷᠡᠰ ᠭᠤᠶᠢᠪᠢᠰᠢ ᠦᠭᠡᠢ ᠪᠠᠷ ᠶᠠᠰᠤ ᠴᠢᠨᠠᠷ ᠢ ᠳᠡᠭᠡᠭᠰᠢᠯᠡᠭᠦᠯᠦᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠬᠤᠲᠠ ᠬᠥᠳᠡᠭᠡ ᠶᠢᠨ ᠪᠠᠶᠢᠳᠠᠯ ᠡᠳᠦᠷ ᠢᠷᠡᠬᠦᠶ᠎ᠡ ᠰᠠᠶᠢᠵᠢᠷᠠᠪᠠ᠃  6 ᠵᠡᠭᠡᠯᠢ ᠭᠤᠳᠤᠮᠵᠢ ᠶᠢᠨ ᠦᠢᠯᠡᠴᠢᠯᠡᠭᠡ ᠶᠢᠨ ᠬᠡᠪᠴᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ 132 ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠪᠠ᠃  ᠶᠦᠩ ᠯᠠᠢ ᠴᠧᠩ᠂ ᠱᠦᠨ ᠾᠧ ᠶᠤᠸᠠᠨ ᠵᠡᠷᠭᠡ 10 ᠬᠠᠭᠤᠴᠢᠨ ᠬᠤᠲᠠ ᠶᠢ ᠥᠭᠡᠷᠡᠴᠢᠯᠡᠬᠦ ᠲᠥᠷᠥᠯ ᠵᠦᠢᠯ ᠢ ᠲᠦᠷᠭᠡᠳᠬᠡᠨ ᠠᠬᠢᠭᠤᠯᠵᠤ᠂   22 ᠬᠠᠭᠤᠴᠢᠨ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂13.9 ᠺᠢᠯᠣᠮᠧᠲᠷ ᠬᠤᠲᠠ ᠶᠢᠨ ᠵᠠᠮ ᠢ ᠥᠭᠡᠷᠡᠴᠢᠯᠡᠨ ᠰᠠᠶᠢᠵᠢᠷᠠᠭᠤᠯᠵᠤ  ᠂ 6 ᠵᠤᠷᠪᠤᠰ  ︽ᠮᠤᠬᠤᠷ ᠵᠠᠮ ︾  ᠢ ᠨᠡᠪᠲᠡᠷᠡᠭᠦᠯᠪᠡ᠃  9.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂  33 ᠳᠤᠯᠠᠭᠠᠨ ᠢᠨᠵᠧᠨᠧᠷᠢᠩ ᠤᠨ ︽ᠳᠥᠷᠪᠡᠨ ᠪᠠᠲᠤᠯᠠᠭ᠎ᠠ ︾ ᠶᠢᠨ ᠲᠥᠷᠥᠯ ᠵᠦᠢᠯ ᠢ ᠬᠡᠷᠡᠭᠵᠢᠭᠦᠯᠪᠡ᠃  297 ᠺᠢᠯᠣᠮᠧᠲᠷ ᠤᠨ ᠬᠥᠳᠡᠭᠡ ᠲᠤᠰᠬᠤᠨ ᠤ ᠴᠠᠬᠢᠯᠭᠠᠨ ᠲᠣᠣᠷ ᠢ ᠲᠡᠰ ᠳᠡᠪᠰᠢᠭᠦᠯᠵᠦ᠂ 8 ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠢ ᠬᠡᠷᠡᠭᠵᠢᠭᠦᠯᠪᠡ᠃  ᠨᠢᠭᠡ ᠵᠢᠯ ᠤᠨ ᠲᠤᠷᠰᠢ᠂ ᠡᠷᠡᠰ ᠭᠤᠶᠢᠪᠢᠰᠢ ᠦᠭᠡᠢ ᠪᠠᠷ ᠠᠷᠠᠳ ᠤᠨ ᠬᠦᠴᠢᠷᠳᠡᠯ ᠢ ᠰᠢᠢᠳᠪᠦᠷᠢᠯᠡᠨ ᠪᠣᠳᠠᠲᠤ ᠶᠠᠪᠤᠳᠠᠯ ᠢ ᠪᠦᠲᠦᠭᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠡᠳᠦᠷ ᠢᠷᠡᠬᠦᠶ᠎ᠡ ᠨᠡᠮᠡᠭᠳᠡᠪᠡ᠃  ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 80.9%  ᠶᠢ ᠡᠵᠡᠯᠡᠵᠦ᠂  ᠠᠷᠪᠠᠨ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠣᠨ ᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠡᠢ᠃  10.5 ᠲᠦᠮᠡᠨ ᠲᠤᠨ ︽ᠬᠠᠶᠢᠷ᠎ᠠ ᠬᠠᠯᠠᠮᠵᠢ ᠶᠢᠨ ᠨᠡᠭᠦᠷᠡᠰᠦ︾ ᠲᠠᠷᠬᠠᠭᠠᠵᠤ᠂ ᠡᠯ᠎ᠡ ᠲᠥᠷᠥᠯ ᠤᠨ ᠠᠪᠤᠷᠠᠨ ᠲᠤᠰᠠᠯᠠᠬᠤ ᠨᠥᠬᠦᠪᠦᠷᠢ ᠪᠡᠯᠡ ᠮᠥᠩᠭᠦ ᠶᠢ 1.2 ᠳ᠋ᠦᠩᠰᠢᠭᠤᠷ ᠲᠥᠭᠦᠷᠢᠭ ᠲᠠᠷᠬᠠᠭᠠᠵᠤ᠂ ᠰᠢᠨ᠎ᠡ ᠪᠠᠷ ᠨᠡᠮᠡᠭᠳᠡᠭᠰᠡᠨ ᠬᠤᠲᠠ ᠪᠠᠯᠭᠠᠰᠤᠨ ᠤ ᠠᠵᠢᠯ ᠣᠯᠭᠤᠯᠲᠠ 2550 ᠬᠥᠮᠥᠨ ᠪᠣᠯᠪᠠ᠃  25 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠭᠠᠵᠠᠷ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠪᠦᠬᠦ ᠣᠷᠣᠨ ᠤ ᠠᠩᠬᠠᠳᠠᠭᠴᠢ ︽ᠭᠠᠵᠠᠷ  ᠨᠤᠲᠤᠭ ᠢᠶᠠᠷ ᠨᠠᠰᠤᠲᠠᠶᠢᠴᠤᠳ ᠢ ᠠᠰᠠᠷᠠᠬᠤ︾ ᠦᠢᠯᠡᠴᠢᠯᠡᠭᠡ ᠶᠢᠨ ᠲᠥᠪ ᠢ ᠪᠠᠶᠢᠭᠤᠯᠵᠠᠢ᠃ ᠨᠠᠰᠤᠲᠠᠶᠢᠴᠤᠳ ᠤᠨ ᠶᠡᠭᠡ ᠰᠤᠷᠭᠠᠭᠤᠯᠢ ︽ᠪᠦᠬᠦ ᠤᠯᠤᠰ ᠤᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠪᠠᠷᠢᠮᠵᠢᠶᠠᠲᠤ ᠵᠢᠱᠢᠶ᠎ᠡ ᠦᠵᠡᠭᠦᠯᠬᠦ   ᠰᠤᠷᠭᠠᠭᠤᠯᠢ︾ ᠪᠠᠷ ᠦᠨᠡᠯᠡᠭᠳᠡᠪᠡ᠃  ᠪᠠᠭᠰᠢ ᠶᠢ ᠬᠦᠨᠳᠦᠳᠬᠡᠨ ᠰᠤᠷᠭᠠᠨ ᠬᠥᠮᠥᠵᠢᠯ ᠢ ᠴᠢᠬᠤᠯᠠᠴᠢᠯᠠᠬᠤ ᠠᠷᠪᠠᠨ ᠵᠦᠢᠯ ᠤᠨ ᠬᠠᠯᠠᠮᠵᠢ ᠶᠢᠨ ᠠᠵᠢᠯᠯᠠᠭ᠎ᠠ ᠶᠢ ᠬᠡᠷᠡᠭᠵᠢᠭᠦᠯᠦᠨ ᠰᠤᠷᠭᠠᠨ ᠬᠥᠮᠥᠵᠢᠯ ᠤᠨ ᠳᠠᠷᠤᠭᠠᠰᠤ ᠬᠥᠩᠭᠡᠷᠡᠭᠦᠯᠬᠦ ᠠᠷᠪᠠᠨ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢᠨ ᠠᠷᠪᠠᠨ ᠶᠡᠭᠡ  ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ 3 ᠰᠤᠷᠭᠠᠭᠤᠯᠢ ᠪᠦᠬᠦ ᠤᠯᠤᠰ ᠤᠨ ᠠᠩᠬᠠᠳᠠᠭᠴᠢ ︽ᠰᠢᠨᠵᠢᠯᠡᠬᠦ ᠤᠬᠠᠭᠠᠨ ᠰᠤᠷᠭᠠᠨ ᠬᠥᠮᠥᠵᠢᠯ ᠤᠨ ᠬᠥᠳᠡᠭᠡ ᠲᠣᠰᠬᠤᠨ ᠳᠠᠬᠢ ᠠᠵᠢᠯᠯᠠᠭ᠎ᠠ︾  ᠶᠢᠨ ᠲᠤᠷᠰᠢᠯᠲᠠ ᠶᠢᠨ  ᠰᠤᠷᠭᠠᠭᠤᠯᠢ ᠪᠠᠷ ᠦᠨᠡᠯᠡᠭᠳᠡᠪᠡ᠃  ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ᠂ ᠰᠢᠨ᠎ᠡ ᠪᠠᠷ ᠪᠠᠶᠢᠭᠤᠯᠤᠭᠰᠠᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 3 ᠡᠷᠡᠭᠦᠯ ᠬᠠᠮᠠᠭᠠᠯᠠᠯ ᠤᠨ ᠭᠠᠵᠠᠷ ᠢ ᠨᠡᠭᠦᠯᠭᠡᠨ ᠥᠭᠡᠷᠡᠴᠢᠯᠡᠵᠦ᠂ ᠪᠦᠬᠦ ᠤᠯᠤᠰ ᠤᠨ 34 ᠭᠤᠷᠪᠠᠳᠤᠭᠠᠷ ᠵᠡᠷᠭᠡ ᠶᠢᠨ ᠬᠥᠬᠡ ᠲᠡᠰ ᠤᠨ ᠡᠮᠨᠡᠯᠭᠡ ᠶᠢᠨ ᠬᠤᠷᠢᠶ᠎ᠠ ᠲᠠᠢ ᠡᠭᠦᠳᠡᠨ ᠡᠮᠨᠡᠯᠭᠡ ᠶᠢᠨ ᠬᠠᠷᠢᠴᠠᠭ᠎ᠠ ᠪᠠᠶᠢᠭᠤᠯᠪᠠ᠃  251 ᠤᠳᠠᠭ᠎ᠠ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠵᠡᠷᠭᠡ ᠬᠥᠳᠡᠯᠭᠡᠭᠡᠨ ᠢ   ᠥᠷᠨᠢᠭᠦᠯᠵᠦ᠂ ︽ᠬᠠᠲᠤᠨ ᠭᠤᠣᠯ ᠤᠨ ᠬᠠᠪᠤᠷ  ᠤᠨ ᠤᠶᠠᠩᠭ᠎ᠠ︾ ᠵᠡᠷᠭᠡ 22 ᠵᠦᠢᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠤᠷᠠᠨ ᠪᠦᠲᠦᠭᠡᠯ ᠢ ᠵᠣᠬᠢᠶᠠᠨ ᠪᠦᠲᠦᠭᠡᠵᠡᠢ᠃  ᠪᠦᠬᠦ ᠬᠤᠲᠠ ᠶᠢᠨ ᠠᠩᠬᠠᠳᠠᠭᠴᠢ ︽ᠲᠠᠪᠤᠨ ᠲᠥᠪ ᠢ ᠨᠢᠭᠡᠳᠬᠡᠭᠰᠡᠨ︾ ᠵᠥᠷᠢᠴᠡᠯ ᠵᠢᠭᠤᠷᠠᠯᠳᠤᠭᠠᠨ  ᠢ ᠡᠶᠡᠳᠡᠭᠦᠯᠵᠦ ᠰᠢᠢᠳᠪᠦᠷᠢᠯᠡᠨ ᠠᠷᠢᠯᠭᠠᠬᠤ ᠲᠣᠭᠲᠠᠴᠠ ᠶᠢ ᠡᠭᠦᠳᠴᠦ᠂ 12345 ᠬᠠᠯᠠᠮᠰᠢᠯ ᠤᠲᠠᠰᠤ ᠶᠢᠨ ᠠᠰᠠᠭᠤᠳᠠᠯ ᠢ ᠰᠢᠢᠳᠪᠦᠷᠢᠯᠡᠭᠰᠡᠨ ᠨᠣᠷᠮ᠎ᠠ ᠪᠠ ᠬᠠᠨᠤᠮᠵᠢᠲᠠᠢ ᠪᠠᠶᠢᠬᠤ ᠨᠣᠷᠮ᠎ᠠ ᠴᠦᠮ       99 %  ᠶᠢ ᠳᠠᠪᠠᠪᠠ᠃  ᠪᠦᠬᠦ ᠣᠷᠣᠨ ᠤ ᠠᠩᠬᠠᠳᠠᠭᠴᠢ ᠰᠢᠶᠠᠨ ᠤ ᠱᠠᠲᠤᠨ ᠤ  ᠪᠠᠷᠢᠮᠵᠢᠶᠠᠵᠢᠭᠤᠯᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠢ     ᠪᠠᠶᠢᠭᠤᠯᠵᠠᠢ᠃   ᠨᠢᠭᠡ ᠵᠢᠯ ᠤᠨ ᠲᠤᠷᠰᠢ᠂ ᠡᠷᠡᠰ ᠭᠤᠶᠢᠪᠢᠰᠢ ᠦᠭᠡᠢ ᠪᠠᠷ ᠰᠤᠷᠲᠠᠯ ᠢᠶᠠᠨ ᠬᠤᠪᠢᠷᠠᠭᠤᠯᠤᠨ ᠳᠦᠷᠢ ᠲᠥᠷᠬᠦ  ᠶᠢ ᠱᠤᠭᠤᠵᠤ᠂ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃  ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ᠂   ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠪᠦᠬᠦ ᠲᠠᠯ᠎ᠠ ᠪᠠᠷ ᠪᠠᠲᠤᠳᠬᠠᠪᠠ᠃  ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃  12.1 ᠳ᠋ᠦᠩᠰᠢᠭᠤᠷ ᠲᠥᠭᠦᠷᠢᠭ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠵᠤ᠂ ᠣᠨ ᠤ ᠡᠭᠦᠷᠭᠡ ᠶᠢ 303 % ᠪᠠᠷ   ᠪᠡᠶᠡᠯᠡᠭᠦᠯᠵᠡᠢ᠃  2025 ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ  ᠶᠡᠷᠦᠩᠬᠡᠢ  ᠰᠡᠳᠬᠢᠮᠵᠢ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠬᠢᠭᠡᠳ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂  ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠭᠤᠷᠪᠠᠨ     ᠳᠥᠷᠪᠡ︾  ᠶᠢᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠠᠬᠢᠭᠤᠯᠵᠤ᠂    ︽ᠵᠢᠷᠭᠤᠭᠠᠨ ᠠᠵᠢᠯ ᠤᠨ ᠹᠷᠣᠨᠲ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂  ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ   ᠵᠢᠯ︾ ᠤᠨ ᠲᠥᠯᠥᠪᠵᠢᠭᠦᠯᠭᠡ ᠶᠢ ᠰᠠᠶᠢᠨ ᠡᠬᠢᠯᠡᠭᠦᠯᠬᠦ ᠰᠠᠭᠤᠷᠢ ᠶᠢ ᠲᠠᠯᠪᠢᠨ᠎ᠠ᠃  ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠵᠢᠱᠢᠭᠰᠡᠨ ᠬᠠᠷᠠᠯᠲᠠ  ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠪᠠᠷ ᠨᠡᠮᠡᠭᠳᠡᠭᠦᠯᠦᠨ᠎ᠡ᠃  ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 6.5% ᠪᠠᠷ ᠨᠡᠮᠡᠭᠳᠡᠭᠦᠯᠦᠨ᠎ᠡ᠃  ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 30% ᠪᠠᠷ ᠨᠡᠮᠡᠭᠳᠡᠭᠦᠯᠦᠨ᠎ᠡ᠃  ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ  ᠶᠢ 3% ᠪᠠᠷ ᠨᠡᠮᠡᠭᠳᠡᠭᠦᠯᠦᠨ᠎ᠡ᠃  ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠥᠷᠲᠡᠭ ᠢ 6% ᠪᠠᠷ ᠨᠡᠮᠡᠭᠳᠡᠭᠦᠯᠦᠨ᠎ᠡ᠃  ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠢᠵᠢᠯ ᠪᠣᠯᠭᠠᠨ᠎ᠠ᠃  ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠨ᠎ᠠ   1. ᠳᠣᠲᠣᠭᠠᠳᠤ ᠬᠡᠷᠡᠭᠴᠡᠭᠡ  ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠬᠦ ᠬᠦᠴᠦ ᠶᠢ ᠬᠥᠮᠥᠵᠢᠭᠦᠯᠦᠨ᠎ᠡ᠃  ᠪᠦᠲᠦᠮᠵᠢᠲᠡᠢ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠥᠷᠭᠡᠳᠬᠡᠨ᠎ᠡ᠃  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠨᠠᠷᠢᠯᠢᠭ ᠣᠨᠣᠪᠴᠢᠲᠠᠢ ᠥᠷᠨᠢᠭᠦᠯᠦᠨ᠎ᠡ᠃  ᠬᠡᠷᠡᠭᠯᠡᠭᠡ ᠶᠢᠨ ᠵᠠᠬ᠎ᠠ ᠳᠡᠯᠭᠡᠭᠦᠷ ᠢ ᠶᠡᠬᠡᠪᠡᠷ ᠬᠥᠭᠵᠢᠭᠡᠨ᠎ᠡ᠃  ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠨ᠎ᠠ᠃  2. ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢ ᠲᠦᠷᠭᠡᠳᠬᠡᠨ  ᠠᠬᠢᠭᠤᠯᠵᠤ᠂ ᠣᠳᠣ ᠦᠶ᠎ᠡ ᠶᠢᠨ ᠠᠵᠤ ᠦᠢᠯᠡᠰ ᠤᠨ ᠰᠢᠨ᠎ᠡ ᠰᠢᠰᠲ᠋ᠧᠮ ᠢ ᠪᠦᠲᠦᠭᠡᠨ ᠪᠠᠶᠢᠭᠤᠯᠤᠨ᠎ᠠ᠃   ︽ᠣᠯᠠᠨ ᠡᠨᠧᠷᠭᠢ ᠬᠠᠷᠢᠯᠴᠠᠨ ᠨᠥᠬᠦᠪᠦᠷᠢᠯᠡᠬᠦ︾ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃   ︽ᠰᠠᠯᠬᠢᠨ ᠭᠡᠷᠡᠯ +︾ ᠲᠠᠪᠤᠨ ᠶᠡᠭᠡ ᠬᠡᠷᠡᠭᠯᠡᠭᠡᠨ ᠤ ᠲᠠᠯᠠᠪᠤᠷ ᠢ ᠪᠦᠲᠦᠭᠡᠨ ᠪᠠᠶᠢᠭᠤᠯᠤᠨ᠎ᠠ᠃   ︽ᠰᠢᠨ᠎ᠡ ᠪᠣᠬᠢᠷᠲᠤᠯ ᠦᠭᠡᠢ︾ ᠲᠠᠪᠤᠨ ᠶᠡᠭᠡ ᠰᠢᠨ᠎ᠡ ᠮᠠᠲ᠋ᠧᠷᠢᠶᠠᠯ ᠤᠨ ᠰᠦᠷᠦᠭᠵᠢᠯ ᠢ ᠪᠦᠲᠦᠭᠡᠨ ᠪᠠᠶᠢᠭᠤᠯᠤᠨ᠎ᠠ᠃   ︽ᠲᠣᠭᠠᠴᠢᠯᠠᠭᠰᠠᠨ ᠣᠶᠣᠨᠲᠤ︾ ᠢᠷᠡᠭᠡᠳᠦᠢ ᠶᠢᠨ ᠠᠵᠤ ᠦᠢᠯᠡᠰ ᠤᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠤᠨ᠎ᠠ᠃
  •   ᠬᠥᠳᠡᠭᠡ ᠲᠤᠰᠬᠤᠨ ᠬᠥᠳᠡᠭᠡ ᠠᠵᠤ ᠠᠬᠤᠢ ᠲᠠᠷᠢᠶᠠᠴᠢᠳ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ ᠬᠥᠳᠡᠭᠡ ᠲᠤᠰᠬᠤᠨ ᠢ ᠬᠥᠭᠵᠢᠭᠦᠯᠦᠨ
  • ᠮᠠᠨᠳᠤᠭᠤᠯᠬᠤ ᠰᠢᠨ᠎ᠡ ᠬᠠᠭᠤᠳᠠᠰᠤ ᠶᠢ ᠵᠢᠷᠤᠭᠯᠠᠨ᠎ᠠ᠃
  •   ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠪᠠᠬᠢᠵᠢᠭᠦᠯᠦᠨ᠎ᠡ᠃
  •   ᠬᠡᠪᠴᠢᠶᠡᠵᠢᠭᠰᠡᠨ ᠡᠵᠡᠩᠨᠡᠯᠲᠡ ᠶᠢ ᠥᠷᠭᠡᠳᠬᠡᠨ᠎ᠡ᠃
  •   ᠬᠥᠳᠡᠭᠡ ᠲᠤᠰᠬᠤᠨ ᠤ ᠠᠵᠤ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠤᠨ᠎ᠠ᠃
  •   ᠡᠶ᠎ᠡ ᠨᠠᠶᠢᠷᠲᠠᠢ ᠰᠠᠶᠢᠨ ᠰᠠᠶᠢᠬᠠᠨ ᠲᠣᠰᠬᠤᠨ ᠢ ᠲᠦᠯᠬᠢᠨ ᠠᠬᠢᠭᠤᠯᠤᠨ᠎ᠠ᠃
  •   ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃
  •   ᠰᠢᠨ᠎ᠡ ᠶᠢ ᠡᠭᠦᠳᠬᠦ ᠬᠥᠳᠡᠯᠭᠡᠭᠦᠷ ᠢ ᠭᠦᠨᠵᠡᠭᠡᠢ ᠥᠭᠡᠷᠡᠴᠢᠯᠡᠵᠦ᠂ ᠳᠣᠲᠣᠭᠠᠳᠤ ᠶᠢᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ  ᠬᠥᠭᠵᠢᠭᠡᠨ᠎ᠡ᠃
  •   ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃
  •   ᠰᠢᠨᠵᠢᠯᠡᠬᠦ ᠤᠬᠠᠭᠠᠨ ᠮᠡᠷᠭᠡᠵᠢᠯ ᠤᠨ ᠣᠯᠠᠨ ᠲᠠᠯ᠎ᠠ ᠶᠢᠨ ︽ᠪᠣᠭᠤᠮᠲᠠ ᠰᠢᠪᠲᠤᠯᠤᠯᠲᠠ︾ ᠶᠢ ᠲᠦᠷᠭᠡᠳᠬᠡᠨ᠎ᠡ᠃
  •   ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠣᠷᠣᠨ ᠵᠠᠢ ᠶᠢ ᠥᠷᠭᠡᠳᠬᠡᠨ᠎ᠡ᠃
  •   ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠥᠭᠡᠷᠡᠴᠢᠯᠡᠨ ᠰᠠᠶᠢᠵᠢᠷᠠᠭᠤᠯᠵᠤ ᠪᠣᠬᠢᠷᠳᠣᠯ ᠦᠭᠡᠢ ᠬᠥᠭᠵᠢᠯᠲᠡ ᠶᠢᠨ ᠰᠢᠨ᠎ᠡ ᠬᠠᠭᠤᠳᠠᠰᠤ ᠶᠢ
  • ᠪᠢᠴᠢᠭᠯᠡᠨ᠎ᠡ᠃
  •    ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠪᠠᠲᠤᠳᠬᠠᠨ  ᠰᠠᠶᠢᠵᠢᠷᠠᠭᠤᠯᠤᠨ᠎ᠠ᠃
  •   ᠠᠮᠢ ᠠᠬᠤᠢ ᠶᠢ ᠰᠡᠷᠭᠦᠭᠡᠨ ᠵᠠᠰᠠᠬᠤ ᠶᠢ ᠴᠢᠩᠭᠠᠳᠬᠠᠨ᠎ᠠ᠃
  •   ᠳᠣᠣᠷ᠎ᠠ ᠨᠡᠭᠦᠷᠡᠰᠦᠲᠥ᠋ᠷᠥᠭᠴᠢᠲᠦ ᠠᠷᠪᠢᠯᠠᠨ ᠭᠠᠮᠨᠠᠬᠤ ᠬᠡᠯᠪᠡᠷᠢ ᠶᠢᠨ ᠣᠶᠢᠯᠠᠭᠠᠭᠳᠠᠬᠤᠨ ᠢ ᠭᠦᠨᠵᠡᠭᠡᠶᠢᠷᠡᠭᠦᠯᠦᠨ᠎ᠡ᠃
  •   6. ᠬᠤᠲᠠ ᠶᠢᠨ ᠳᠣᠲᠣᠨ᠎ᠠ ᠭᠠᠳᠠᠨᠠᠬᠢ ᠶᠢ ᠵᠡᠷᠭᠡᠳᠡ ᠵᠠᠰᠠᠬᠤ ᠶᠢ ᠴᠢᠬᠤᠯᠠᠴᠢᠯᠠᠵᠤ᠂ ᠲᠣᠬᠢᠯᠢᠭ ᠭᠡᠷ ᠣᠷᠣᠨ ᠤ ᠰᠢᠨ᠎ᠡ ᠳᠦᠷᠢ ᠲᠥᠷᠬᠦ ᠶᠢ  ᠪᠦᠲᠦᠭᠡᠨ᠎ᠡ᠃
  •   ᠲᠥᠯᠥᠪᠵᠢᠭᠦᠯᠭᠡ ᠶᠢᠨ ᠳᠠᠶᠢᠴᠢᠯᠠᠯᠲᠠ ᠶᠢᠨ ᠦᠢᠯᠡᠳᠦᠯ ᠢ  ᠴᠢᠩᠭᠠᠳᠬᠠᠨ᠎ᠠ᠃
  •   ᠬᠤᠲᠠ ᠶᠢᠨ ᠣᠷᠭᠠᠨᠢᠭ ᠰᠢᠨᠡᠴᠢᠯᠡᠯᠲᠡ ᠶᠢ ᠲᠦᠷᠭᠡᠳᠬᠡᠨ᠎ᠡ᠃
  •   ᠬᠤᠲᠠ ᠶᠢᠨ ᠨᠠᠷᠢᠯᠢᠭ ᠬᠠᠮᠢᠶᠠᠷᠤᠯᠲᠠ ᠶᠢ ᠭᠦᠨᠵᠡᠭᠡᠶᠢᠷᠡᠭᠦᠯᠦᠨ᠎ᠡ᠃
  •   7. ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠬᠦᠴᠦᠯᠡᠨ ᠨᠡᠮᠡᠭᠳᠡᠭᠦᠯᠵᠦ᠂ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠨᠠᠶᠢᠳᠠᠯᠭ᠎ᠠ ᠶᠢ
  • ᠬᠠᠩᠭᠠᠨ᠎ᠠ᠃
  •   ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠥᠵᠢᠯ ᠢ ᠰᠠᠶᠢᠲᠤᠷ ᠡᠷᠬᠢᠯᠡᠨ᠎ᠡ᠃
  •   ᠡᠮᠴᠢᠯᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃
  •   ᠰᠣᠶᠣᠯ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃
  •   ᠠᠵᠢᠯ ᠣᠯᠭᠤᠯᠲᠠ ᠪᠠᠷ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃
  •   ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃
  •   ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠴᠢᠩᠭ᠎ᠠ ᠰᠠᠬᠢᠵᠤ᠂ ᠠᠮᠤᠭᠤᠯᠠᠩ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠷᠢᠭᠤᠴᠠᠯᠭ᠎ᠠ  ᠡᠭᠦᠷᠭᠡᠯᠡᠯ ᠢ  
  • ᠢᠯᠡ ᠲᠣᠳᠣ ᠬᠠᠷᠠᠭᠤᠯᠤᠨ᠎ᠠ᠃
  •   ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ  ᠠᠷᠢᠯᠭᠠᠨ᠎ᠠ᠃
  •   ᠮᠥᠨ ᠴᠢᠨᠠᠷ ᠤᠨ ᠠᠮᠤᠷ ᠲᠦᠪᠰᠢᠨ  ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃
  •   ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠬᠦᠴᠦᠯᠡᠨ  ᠲᠡᠭᠦᠯᠳᠡᠷᠵᠢᠭᠦᠯᠦᠨ᠎ᠡ᠃
  •   ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ
  •   ᠦᠨᠡᠨᠴᠢ ᠰᠢᠳᠤᠷᠭᠤ ᠶᠢᠨ ᠰᠠᠭᠤᠷᠢ ᠶᠢ ᠪᠠᠲᠤ ᠴᠣᠭᠴᠠᠯᠠᠨ᠎ᠠ᠃
  •   ᠬᠠᠤᠯᠢᠵᠢᠯ ᠤᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠎ᠡ᠃
  •   ᠠᠷᠠᠳ ᠲᠦᠮᠡᠨ ᠤ ᠲᠥᠯᠥᠭᠡ ᠵᠢᠳᠬᠦᠬᠦ ᠬᠠᠷᠢᠭᠤᠴᠠᠯᠭ᠎ᠠ ᠶᠢ ᠬᠢᠴᠢᠶᠡᠩᠭᠦᠶᠢᠯᠡᠨ ᠵᠢᠷᠤᠮᠯᠠᠨ᠎ᠠ᠃
  •   ᠨᠠᠶᠢᠳᠠᠪᠤᠷᠢᠵᠢᠭᠤᠯᠬᠤ ᠶᠢᠨ ᠠᠴᠢ ᠬᠤᠯᠪᠣᠭᠳᠠᠯ ᠢ ᠴᠢᠩᠭ᠎ᠠ ᠪᠠᠷᠢᠮᠲᠠᠯᠠᠨ᠎ᠠ᠃
  •   ᠠᠷᠢᠭᠤᠨ ᠴᠢᠬᠡᠴᠢ ᠪᠠᠶᠢᠬᠤ ᠶᠢ ᠡᠭᠦᠷᠢᠳᠡ ᠪᠠᠷᠢᠮᠲᠠᠯᠠᠨ᠎ᠠ᠃
 
ᠢᠷᠡᠯᠲᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ