ᠸᠠᠩ ᠰᠢᠶᠤᠤ ᠫᠢᠩ ᠵᠦᠩ ᠾᠧ ᠰᠢ ᠪᠠᠯᠭᠠᠰᠤᠨ ᠳᠤ ᠬᠦᠷᠴᠦ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠢ ᠶᠢᠨ ᠲᠠᠯᠠᠪᠠᠢ ᠶᠢᠨ ᠠᠯᠪᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/8
    5 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠫᠢᠩ ᠵᠥᠩ ᠾᠧ ᠰᠢ ᠪᠠᠯᠭᠠᠰᠤᠨ ᠳᠤ ᠬᠦᠷᠴᠦ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠶ ᠶᠢᠨ ᠲᠠᠯᠠᠪᠤᠷ ᠤᠨ ᠠᠯᠪᠠᠯᠠᠬᠤ ᠠᠵᠢᠯᠯᠠᠭ᠎ᠠ ᠥᠷᠨᠢᠭᠦᠯᠪᠡ᠃ ᠶᠠᠩ ᠳ᠋ᠦᠩ᠂ ᠴᠧᠨ ᠯᠢ ᠳ᠋ᠦᠩ᠂ ᠰᠢᠤᠸᠠᠢ ᠬᠠᠶ ᠯᠢᠨ᠂ ᠯᠢ ᠬᠤᠩ ᠮᠧᠶ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠵᠥᠩ ᠾᠧ ᠪᠠᠷᠠᠭᠤᠨ ᠪᠠᠯᠭᠠᠰᠤᠨ ᠤ ᠬᠠᠮᠢᠶ᠎ᠠ ᠪᠥᠬᠦᠶ ᠬᠥᠮᠦᠰ ᠣᠷᠣᠯᠴᠠᠵᠠᠶ᠃
王小平到中和西镇开展“四下基层”现场办公活动.jpg
    ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠭᠤᠸᠠᠨ ᠵᠢᠩ ᠲᠣᠰᠬᠤᠨ᠂ ᠨᠠᠨ ᠾᠦᠸᠧ ᠹᠠᠩ ᠲᠣᠰᠬᠤᠨ᠂ ᠤᠯᠠᠭᠠᠨᠵᠢ ᠲᠣᠰᠬᠤᠨ ᠵᠡᠷᠭᠡ ᠭᠠᠵᠠᠷ ᠲᠤ ᠬᠦᠷᠴᠦ᠂ ᠠᠵᠤ ᠦᠢᠯᠡᠰ ᠤᠨ ᠬᠥᠭᠵᠢᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠵᠠᠰᠠᠯᠲᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠠᠰᠤᠵᠢᠯ ᠤᠨ ᠦᠢᠯᠡᠴᠢᠯᠡᠭᠡ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃    ᠲᠤᠬᠠᠢ ᠶᠢᠨ ᠲᠠᠯᠠᠪᠠᠢ ᠶᠢᠨ ᠠᠵᠢᠯ ᠤᠨ ᠬᠤᠷᠠᠯ ᠳᠡᠭᠡᠷ᠎ᠡ᠂ ᠵᠦᠩ ᠾᠧ ᠰᠢ ᠪᠠᠯᠭᠠᠰᠤᠨ ᠤ ᠭᠤᠣᠯ ᠬᠠᠷᠢᠭᠤᠴᠠᠯᠭᠠᠲᠠᠨ 2025 ᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠵᠢᠴᠢ ᠬᠤᠰᠢᠭᠤᠨ ᠤ ᠲᠡᠰ ᠤᠨ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ 8 ᠵᠦᠢᠯᠡᠰ ᠢ ᠬᠠᠷᠢᠭᠤ ᠮᠡᠳᠡᠭᠦᠯᠵᠡᠢ᠂ ᠸᠠᠩ ᠰᠢᠶᠤᠤ ᠫᠢᠩ ᠨᠢᠭᠡᠳ ᠨᠢᠭᠡ ᠪᠠᠷ ᠬᠠᠷᠢᠭᠤ ᠲᠤᠰᠬᠠᠪᠠ᠃    ᠸᠠᠩ ᠰᠢᠶᠤᠤ ᠫᠢᠩ᠂ ᠵᠦᠩ ᠾᠧ ᠰᠢ ᠪᠠᠯᠭᠠᠰᠤ ᠨᠢ ᠪᠦᠬᠦ ᠬᠤᠰᠢᠭᠤᠨ ᠤ ᠪᠠᠷᠠᠭᠤᠨ ᠡᠭᠦᠳᠡ ᠪᠣᠯᠤᠭᠰᠠᠨ ᠤ ᠬᠤᠪᠢ ᠳᠤ᠂ ᠠᠮᠢ ᠠᠬᠤᠢ ᠶᠢᠨ ᠴᠢᠬᠤᠯᠠ ᠪᠠᠯᠭᠠᠰᠤ᠂ ᠡᠨᠧᠷᠭᠢ ᠶᠢᠨ ᠰᠢᠨ᠎ᠡ ᠪᠠᠯᠭᠠᠰᠤ ᠪᠣᠯᠤᠨ᠎ᠠ᠃ ᠪᠦᠬᠦ ᠪᠠᠯᠭᠠᠰᠤ ᠪᠠᠷ ᠢᠶᠠᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠦᠷᠭᠦᠯᠵᠢᠯᠡᠨ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠠᠨ ᠰᠢᠶᠠ ᠮᠧᠩ ᠨᠧᠩ ᠵᠡᠷᠭᠡ ᠰᠢᠨ᠎ᠡ ᠡᠨᠧᠷᠭᠢ ᠶᠢᠨ ᠲᠥᠷᠥᠯ ᠵᠦᠢᠯ ᠤᠨ ᠵᠠᠯᠭᠠᠮᠵᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠬᠢᠯᠢ ᠶᠢᠨ ᠳᠣᠲᠣᠷᠠᠬᠢ ᠴᠢᠬᠤᠯᠠ ᠶᠡᠭᠡ ᠲᠥᠷᠥᠯ ᠵᠦᠢᠯ ᠤᠨ ᠭᠠᠵᠠᠷ ᠰᠢᠷᠣᠶ ᠶᠢ ᠰᠢᠯᠵᠢᠭᠦᠯᠦᠨ ᠲᠠᠲᠠᠪᠤᠷᠢᠯᠠᠬᠤ ᠠᠵᠢᠯ ᠢ ᠲᠦᠷᠭᠡᠳᠬᠡᠨ ᠠᠬᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠡᠮᠬᠢ ᠵᠢᠷᠤᠮ ᠲᠠᠢ ᠠᠭᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠢ ᠰᠢᠭᠤᠢ ᠡᠯᠡᠰᠦᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠪᠤᠵᠠᠭᠠᠶᠢᠷᠠᠭᠤᠯᠵᠤ᠂ ᠠᠮᠢ ᠠᠬᠤᠢ ᠰᠠᠶᠢᠬᠠᠨ᠂ ᠠᠵᠤ ᠦᠢᠯᠡᠰ ᠬᠥᠭᠵᠢᠭᠰᠡᠨ᠂ ᠠᠷᠠᠳ ᠤᠯᠠᠨ ᠪᠠᠶᠠᠵᠢᠭᠰᠠᠨ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ᠃ ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠭᠤᠯᠬᠤ ᠶᠢ ᠳᠡᠯᠭᠡᠷᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠭᠤᠯᠬᠤ ᠵᠠᠭᠪᠤᠷ ᠢ ᠬᠥᠭᠵᠢᠭᠦᠯᠵᠦ᠂ ᠲᠠᠷᠢᠮᠠᠯ ᠤᠨ ᠪᠦᠲᠦᠴᠡ ᠶᠢ ᠲᠠᠰᠤᠷᠠᠯᠲᠠ ᠦᠭᠡᠢ ᠲᠤᠬᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠦᠨᠡᠨᠬᠦ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠪᠦᠬᠦ ᠲᠠᠯ᠎ᠠ ᠪᠠᠷ ᠪᠠᠶᠢᠴᠠᠭᠠᠨ ᠰᠢᠢᠳᠪᠦᠷᠢᠯᠡᠵᠦ᠂ ︽ᠵᠠᠬᠢᠳᠠᠯ ᠰᠤᠷᠪᠤᠯᠵᠢᠯᠠᠭ᠎ᠠ ᠦᠭᠡᠢ︾ ᠪᠠᠯᠭᠠᠰᠤ ᠶᠢ ᠬᠦᠴᠦᠯᠡᠨ ᠪᠠᠶᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠡᠨᠧᠷᠭᠢ ᠣᠯᠭᠤᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠤᠮᠤ ᠪᠠᠯᠭᠠᠰᠤᠨ ᠤ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ ᠂ ᠦᠨᠳᠦᠰᠦᠨ ᠱᠠᠲᠤᠨ ᠤ ᠺᠠᠳ᠋ᠷ ᠢ ᠪᠤᠳᠤᠯᠢᠶᠠᠨᠲᠠᠶ ᠶᠠᠪᠤᠳᠠᠯ ᠤᠨ ᠳᠤᠮᠳᠠ ᠠᠴᠠ ᠭᠠᠷᠭᠠᠵᠤ᠂ ᠣᠯᠠᠨ ᠲᠦᠮᠡᠨ ᠳᠤ ᠨᠠᠩ ᠰᠠᠶᠢᠲᠤᠷ ᠣᠶᠢᠯᠡᠴᠢᠯᠡᠵᠦ᠂ ᠬᠥᠭᠵᠢᠯᠲᠡ ᠶᠢ ᠠᠬᠢᠭᠤᠯᠬᠤ ᠬᠡᠷᠡᠭᠲᠡᠶ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠡᠯ᠎ᠡ ᠵᠦᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃    ᠬᠤᠷᠠᠯ ᠤᠨ ᠲᠠᠷᠠᠭ᠎ᠠ᠂ ᠸᠠᠩ ᠰᠢᠶᠤᠤ ᠫᠢᠩ ᠵᠦᠩ ᠾᠧ ᠪᠠᠷᠠᠭᠤᠨ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠲᠠᠢ ᠨᠢᠭᠡᠳ ᠨᠢᠭᠡ ᠪᠠᠷ ᠲᠤᠰᠠᠭᠠᠷ ᠶᠠᠷᠢᠯᠴᠠᠵᠤ᠂ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠢ ᠣᠶᠢᠯᠠᠭᠠᠪᠠ︔ ᠬᠡᠰᠡᠭ ᠲᠣᠰᠬᠤᠨ ᠤ ᠨᠠᠮ ᠤᠨ ᠡᠭᠦᠷ ᠤᠨ ᠱᠦᠵᠢ ᠲᠠᠢ ᠲᠤᠰᠠᠭᠠᠷ ᠶᠠᠷᠢᠯᠴᠠᠭ᠎ᠠ ᠥᠷᠨᠢᠭᠦᠯᠵᠦ᠂ ᠲᠣᠰᠬᠤᠨ ᠤ ᠨᠠᠮ ᠤᠨ ᠡᠭᠦᠷ ᠤᠨ ᠱᠦᠵᠢ ᠶᠢᠨ ᠪᠠᠯᠭᠠᠰᠤᠨ ᠤ ᠤᠳᠤᠷᠢᠳᠬᠤ ᠺᠠᠳ᠋ᠷ ᠤᠨ ᠲᠤᠬᠠᠢ ᠦᠨᠡᠯᠡᠯᠲᠡ ᠪᠣᠯᠤᠨ ᠲᠠᠨᠢᠯᠴᠠᠭᠤᠯᠬᠤ ᠰᠠᠨᠠᠯ ᠢ ᠥᠷᠭᠡᠨ ᠢᠶᠠᠷ ᠰᠣᠨᠣᠰᠪᠠ᠃ 
ᠢᠷᠡᠯᠲᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ