︽ᠰᠣᠶᠣᠯ ᠪᠠ ᠵᠤᠭᠠᠴᠠᠯ ᠤᠨ ᠬᠡᠷᠡᠭᠯᠡᠭᠡ ᠶᠢ ᠴᠢᠨᠠᠭᠰᠢᠳᠠ ᠴᠡᠴᠡᠭᠯᠡᠭᠦᠯᠬᠦ ᠲᠤᠬᠠᠢ ᠣᠷᠳᠣᠰ ᠬᠤᠳᠠ ᠶᠢᠨ ᠠᠷᠭ᠎ᠠ ᠬᠡᠮᠵᠢᠶ᠎ᠡ ᠨᠦᠭᠦᠳ︾ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/8
  ᠣᠶᠢᠷ᠎ᠠ ᠶᠢᠨ ᠡᠳᠦᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠰᠣᠶᠣᠯ ᠪᠠ ᠵᠤᠭᠠᠴᠠᠯ ᠤᠨ ᠬᠡᠷᠡᠭᠯᠡᠭᠡ ᠶᠢ ᠴᠢᠨᠠᠭᠰᠢᠳᠠ ᠴᠡᠴᠡᠭᠯᠡᠭᠦᠯᠬᠦ ᠲᠤᠬᠠᠢ ᠣᠷᠳᠣᠰ ᠬᠤᠳᠠ ᠶᠢᠨ ᠠᠷᠭ᠎ᠠ ᠬᠡᠮᠵᠢᠶ᠎ᠡ ᠨᠦᠭᠦᠳ︾ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠲᠠ ᠶᠢᠨ ᠰᠣᠶᠣᠯ ᠵᠤᠭᠠᠴᠠᠯ ᠤᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ︽ᠰᠣᠶᠣᠯ ᠪᠠ ᠵᠤᠭᠠᠴᠠᠯ ᠤᠨ ᠬᠡᠷᠡᠭᠯᠡᠭᠡ ᠶᠢ ᠴᠢᠨᠠᠭᠰᠢᠳᠠ ᠴᠡᠴᠡᠭᠯᠡᠭᠦᠯᠬᠦ ᠲᠤᠬᠠᠢ ᠣᠷᠳᠣᠰ ᠬᠤᠲᠠ ᠶᠢᠨ ᠠᠷᠭ᠎ᠠ ᠬᠡᠮᠵᠢᠶ᠎ᠡ ᠨᠦᠭᠦᠳ︾  ᠢ ᠨᠠᠷᠢᠨ ᠲᠠᠨᠢᠯᠴᠠᠭᠤᠯᠤᠭᠰᠠᠨ ᠪᠥᠭᠡᠳ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ᠃  ᠬᠡᠷᠡᠭᠯᠡᠭᠡ ᠶᠢ ᠶᠡᠭᠡ ᠪᠠᠷ ᠬᠥᠭᠵᠢᠭᠡᠨ᠂ ᠰᠣᠶᠣᠯ ᠪᠠ ᠵᠤᠭᠠᠴᠠᠯ ᠤᠨ ᠬᠡᠷᠡᠭᠯᠡᠭᠡ ᠶᠢ ᠴᠡᠴᠡᠭᠯᠡᠭᠦᠯᠬᠦ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠠᠵᠢᠯ ᠤᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠬᠤᠲᠠ ︽ᠰᠣᠶᠣᠯ ᠪᠠ ᠵᠤᠭᠠᠴᠠᠯ ᠤᠨ ᠬᠡᠷᠡᠭᠯᠡᠭᠡ ᠶᠢ ᠴᠢᠨᠠᠭᠰᠢᠳᠠ ᠴᠡᠴᠡᠭᠯᠡᠭᠦᠯᠬᠦ ᠲᠤᠬᠠᠢ ᠣᠷᠳᠣᠰ ᠬᠤᠲᠠ ᠶᠢᠨ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠪᠡ᠃ ᠵᠤᠭᠠᠴᠠᠭᠰᠠᠳ ᠤᠨ ᠢᠷᠡᠯᠲᠡ ᠶᠢᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ᠂ ᠰᠣᠶᠣᠯ ᠵᠤᠭᠠᠴᠠᠯ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠪᠠ ᠰᠢᠨ᠎ᠡ ᠵᠠᠭᠤᠴᠢᠯᠠᠭᠤᠷ ᠤᠨ ᠤᠬᠠᠭᠤᠯᠤᠨ ᠳᠡᠯᠭᠡᠷᠡᠭᠦᠯᠬᠦ ᠶᠢ ᠳᠡᠮᠵᠢᠬᠦ ᠵᠡᠷᠭᠡ ᠭᠤᠷᠪᠠᠨ ᠲᠠᠯ᠎ᠠ ᠠᠴᠠ ᠤᠯᠤᠰ ᠤᠨ ᠳᠣᠲᠣᠭᠠᠳᠤ ᠶᠢᠨ ᠵᠤᠭᠠᠴᠠᠭᠰᠠᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠪᠠᠬᠢᠵᠢᠭᠦᠯᠬᠦ᠂ ᠬᠢᠯᠢ ᠪᠠᠷ ᠣᠷᠣᠵᠤ ᠢᠷᠡᠬᠦ ᠵᠤᠭᠠᠴᠠᠭᠰᠠᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠥᠷᠭᠡᠳᠬᠡᠬᠦ᠂ ᠣᠷᠳᠣᠰ ᠤᠨ ᠵᠤᠭᠠᠴᠠᠯ ᠤᠨ ᠺᠠᠷᠲ ᠢ ᠦᠷᠭᠦᠯᠵᠢᠯᠡᠨ ᠲᠠᠷᠬᠠᠭᠠᠬᠤ᠂ ᠴᠢᠬᠤᠯᠠ ᠶᠡᠭᠡ ᠠᠵᠢᠯᠯᠠᠭ᠎ᠠ ᠪᠠ ᠰᠣᠶᠣᠯ ᠵᠤᠭᠠᠴᠠᠯ ᠬᠤᠳᠠᠯᠳᠤᠭ᠎ᠠ ᠪᠡᠶ᠎ᠡ ᠶᠢᠨ ᠲᠠᠮᠢᠷ ᠤᠨ ᠠᠭᠤᠰᠤᠯᠴᠠᠨ ᠬᠥᠭᠵᠢᠬᠦ ᠶᠢ ᠳᠡᠮᠵᠢᠬᠦ᠂ ᠬᠤᠪᠢ ᠶᠢᠨ ᠵᠠᠭᠤᠴᠢᠯᠠᠭᠤᠷ ᠤᠨ ᠠᠭᠤᠯᠭ᠎ᠠ ᠶᠢ ᠵᠣᠬᠢᠶᠠᠨ ᠪᠦᠲᠦᠭᠡᠵᠦ ᠤᠯᠠᠮᠵᠢᠯᠠᠨ ᠳᠡᠯᠭᠡᠷᠡᠭᠦᠯᠬᠦ ᠶᠢ ᠪᠠᠶᠠᠯᠢᠭᠵᠢᠭᠤᠯᠬᠤ ᠵᠡᠷᠭᠡ 13 ᠲᠦᠷᠦᠯ ᠤᠨ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠪᠠ᠃  2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠂ ᠬᠦᠴᠦᠨ ᠲᠠᠢ ᠬᠤᠭᠤᠴᠠᠭ᠎ᠠ ᠨᠢ 3 ᠵᠢᠯ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠰᠣᠶᠣᠯ ᠵᠤᠭᠠᠴᠠᠯ ᠤᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠵᠣᠬᠢᠴᠠᠩᠭᠤᠢ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ 
ᠢᠷᠡᠯᠲᠡ᠄ ᠲᠣᠯᠠᠭᠠᠨ ᠮᠡᠳᠡᠭᠡ